ᠲᠡᠷᠢᠭᠦᠨ ᠨᠢᠭᠤᠷ>ᠦᠢᠯᠡᠴᠢᠯᠡᠭᠡ ᠵᠦᠪᠯᠡᠯᠭᠡ>ᠮᠣᠩᠭᠤᠯ ᠡᠮᠨᠡᠯᠭᠡ

2023-05-24 15:30:38

ᠵᠣᠬᠢᠶᠠᠭ᠍ᠴᠢ᠄ ​ᠤᠷᠭᠤᠮᠠᠯ ᠣᠩᠱᠢᠭ᠍ᠰᠠᠨ ᠣᠳᠠᠭ᠎ᠠ᠄ 3

ᠦᠪᠡᠷᠳᠡᠭᠡᠨ ᠵᠠᠰᠠᠬᠤ ᠤᠷᠤᠨ ᠤ᠋ ᠡᠷᠡᠬᠦᠯ ᠬᠠᠮᠠᠭᠠᠯᠠᠯ ᠡᠷᠡᠬᠦᠯ ᠮᠡᠨᠳᠦ᠎ᠵᠢᠨ ᠵᠦᠪᠯᠡᠯ ᠡᠴᠡ ᠤᠢᠯᠠᠭᠠᠭᠰᠠᠨ᠎ᠵᠢᠡᠷ᠂ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭᠠᠨ ᠤ᠋ ᠬᠢᠳᠠᠳ (ᠮᠣᠩᠭᠣᠯ)ᠡᠮ ᠡᠮᠨᠡᠯᠭᠡ ᠵᠢᠨ 《ᠡᠮ ᠡᠮᠨᠡᠯᠭᠡ᠎ᠵᠢᠨ ᠳᠠᠬᠢᠨ᠎ᠢᠶᠠᠷ ᠨᠡᠮᠡᠭ᠌ᠳᠡᠭᠦᠯᠬᠦ᠌ ᠲᠥᠯᠥᠪᠯᠡᠭᠡ》 ᠡᠬᠢᠯᠡᠪᠡ᠃

ᠤᠢᠯᠠᠭᠠᠭᠰᠠᠨ᠎ᠵᠢᠡᠷ᠂ ᠮᠠᠨ ᠤ᠋ ᠣᠷᠣᠨ ᠭᠤᠷᠪᠠᠳᠤᠭᠠᠷ ᠳᠡᠰ ᠤ᠋ᠨ ᠡᠮᠨᠡᠯᠭᠡ ᠵᠢᠨ ᠬᠣᠷᠢᠶ᠎ᠠ ᠵᠢᠨ ᠲᠤᠰᠭᠠᠶ ᠰᠠᠯᠠᠭᠠᠨ ᠤ᠋ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠪᠡᠷ ᠭᠤᠤᠯᠳᠠᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ᠍ ᠵᠢᠨ ᠵᠥᠪᠯᠡᠯ ᠬᠢᠭᠡᠳ ᠪᠡᠭᠡᠵᠢᠩ ᠬᠣᠲᠠ ᠵᠢᠨ ᠬᠢᠲᠠᠳ ᠡᠮᠨᠡᠯᠭᠡ ᠵᠢᠨ ᠬᠠᠮᠢᠶᠠᠷᠤᠯᠲᠠ ᠵᠢᠨ ᠲᠣᠪᠴᠢᠶ᠎ᠠ 《 ᠪᠡᠭᠡᠵᠢᠩ ᠦᠪᠦᠷ ᠮᠤᠩᠭᠤᠯ ᠤ᠋ᠨ ᠡᠷᠡᠭᠦᠯ ᠮᠡᠨᠳᠦ᠍ ᠵᠢᠨ ᠠᠵᠢᠯᠯᠠᠭ᠎ᠠ》 ᠵᠢᠨ ᠠᠭᠤᠯᠭ᠎ᠠ᠎ᠶ᠋ᠢ ᠬᠦᠨᠵᠡᠭᠡᠢᠷᠡᠬᠦᠯᠵᠦ᠂ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭᠠᠨ ᠤ᠋ ᠬᠢᠳᠠᠳ (ᠮᠣᠩᠭᠣᠯ)ᠡᠮ ᠡᠮᠨᠡᠯᠭᠡ ᠵᠢᠨ 《ᠡᠮ ᠡᠮᠨᠡᠯᠭᠡ᠎ᠵᠢᠨ ᠳᠠᠬᠢᠨ᠎ᠢᠶᠠᠷ ᠨᠡᠮᠡᠭ᠌ᠳᠡᠭᠦᠯᠬᠦ᠌ ᠲᠥᠯᠥᠪᠯᠡᠭᠡ》᠎ᠶ᠋ᠢ ᠡᠬᠢᠯᠡᠭᠦᠯᠦᠨ ᠬᠡᠷᠡᠭ᠌ᠵᠢᠭᠦᠯᠪᠡ᠃ ᠪᠡᠭᠡᠵᠢᠩ᠎ᠦᠨ ᠴᠢᠨᠠᠷ ᠰᠠᠢᠲᠠᠶ ᠬᠢᠲᠠᠳ ᠡᠮ ᠡᠮᠨᠡᠯᠭᠡ ᠵᠢᠨ ᠲᠤᠰᠭᠠᠶ ᠮᠡᠷᠭᠡᠵᠢᠯᠲᠡᠨ᠎ᠦ ᠪᠦᠯᠬᠦᠮ ᠵᠢᠡᠷ ᠴᠡᠭ ᠪᠣᠯᠭᠠᠵᠤ᠂ ᠮᠠᠨ ᠤ᠋ ᠣᠷᠣᠨ ᠤ᠋ ᠬᠢᠲᠠᠳ (ᠮᠣᠩᠭᠣᠯ)ᠡᠮ ᠡᠮᠨᠡᠯᠭᠡ ᠵᠢᠨ ᠭᠤᠤᠯᠳᠠᠯᠭ᠎ᠠ᠎ᠲᠠᠶ ᠲᠤᠰᠭᠠᠶ ᠰᠠᠯᠠᠭᠠᠨ ᠤ᠋ ᠱᠤᠭᠤᠮ᠎ᠢ ᠳᠠᠢᠴᠢᠯᠠᠨ᠂ ᠮᠠᠨ ᠤ᠋ ᠣᠷᠣᠨ ᠤ᠋ ᠬᠢᠲᠠᠳ (ᠮᠣᠩᠭᠣᠯ) ᠡᠮ ᠡᠮᠨᠡᠯᠭᠡ᠂ ᠡᠮᠴᠢᠯᠡᠭᠡ᠂ ᠱᠢᠨᠵᠢᠯᠡᠬᠦ᠌ ᠤᠬᠠᠭᠠᠨ ᠤ᠋ ᠰᠤᠳᠤᠯᠭᠠᠨ᠂ ᠵᠢᠭᠠᠨ ᠰᠤᠷᠭᠠᠯᠲᠠ ᠵᠢᠨ ᠦᠶ᠋ᠯᠡᠴᠢᠯᠡᠭᠡᠨ᠎ᠦ ᠲᠦᠪᠰᠢᠨ ᠢ᠋ ᠳᠡᠭᠡᠭ᠌ᠰᠢᠯᠡᠭᠦᠯᠬᠦ᠌ ᠪᠡᠷ ᠲᠥᠯᠥᠪᠯᠡᠵᠦ᠍᠂ ᠮᠠᠨ ᠤ᠋ ᠣᠷᠣᠨ ᠤ᠋ ᠴᠢᠨᠠᠷ ᠰᠠᠢᠲᠠᠶ ᠥᠨᠳᠥᠷ ᠪᠦᠲᠦᠮᠵᠢᠲᠡᠶ ᠡᠮᠴᠢᠯᠡᠭᠡᠨ᠎ᠦ ᠦᠶ᠋ᠯᠡᠴᠢᠯᠡᠭᠡᠨ᠎ᠦ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠍ ᠵᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠥᠨ᠎ᠠ᠃ ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ᠍ ᠵᠢᠨ ᠵᠥᠪᠯᠡᠯ ᠡᠴᠡ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭᠠᠨ ᠤ᠋ 《ᠡᠮ ᠡᠮᠨᠡᠯᠭᠡ᠎ᠵᠢᠨ ᠳᠠᠬᠢᠨ᠎ᠢᠶᠠᠷ ᠨᠡᠮᠡᠭ᠌ᠳᠡᠭᠦᠯᠬᠦ᠌ ᠲᠥᠯᠥᠪᠯᠡᠭᠡ》 ᠪᠠ 《ᠪᠡᠭᠡᠵᠢᠩ ᠦᠪᠦᠷ ᠮᠤᠩᠭᠤᠯ᠎ᠦᠨ ᠡᠷᠡᠭᠦᠯ ᠮᠡᠨᠳᠦ᠍ ᠵᠢᠨ ᠠᠵᠢᠯᠯᠠᠭ᠎ᠠ》ᠵᠢᠨ ᠠᠭᠤᠯᠭ᠎ᠠ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠳᠠᠪᠠᠭᠤᠯᠢᠭ᠎ᠢᠶᠠᠨ ᠪᠠᠳᠠᠷᠠᠭᠤᠯᠬᠤ᠂ ᠤᠷᠤᠨ ᠪᠠᠢᠷᠢ ᠰᠤᠯᠪᠢᠴᠢᠨ ᠬᠦᠭᠵᠢᠬᠦ ᠰᠡᠳᠬᠢᠴᠡ ᠶᠣᠰᠣᠭᠠᠷ᠂ ᠮᠠᠨ ᠤ᠋ ᠣᠷᠣᠨ ᠤ᠋ ᠬᠢᠲᠠᠳ (ᠮᠣᠩᠭᠣᠯ) ᠡᠮ ᠡᠮᠨᠡᠯᠭᠡ᠂ ᠱᠢᠨᠵᠢᠯᠡᠬᠦ᠌ ᠤᠬᠠᠭᠠᠨ ᠤ᠋ ᠰᠤᠳᠤᠯᠭᠠᠨ᠂ ᠵᠢᠭᠠᠨ ᠰᠤᠷᠭᠠᠯᠲᠠ ᠵᠢᠨ ᠦᠶ᠋ᠯᠡᠴᠢᠯᠡᠭᠡᠨ᠎ᠦ ᠴᠢᠳᠠᠪᠤᠷᠢ ᠪᠠ ᠲᠦᠪᠱᠢᠨ᠎ᠢ ᠪᠥᠬᠥ᠌ ᠲᠠᠯ᠎ᠠ᠎ᠪᠠᠷ ᠳᠠᠢᠴᠢᠯᠠᠨ ᠳᠡᠭᠡᠭ᠌ᠰᠢᠯᠡᠭᠦᠯᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面