2023-11-19 16:06:51
ᠲᠦᠷᠦᠬᠦᠭᠡᠨ ᠂ ᠬᠥᠯᠥᠨ ᠪᠤᠢᠷ ᠬᠣᠲᠠ ᠵᠢᠨ ᠮᠣᠩᠭᠣᠯ ᠡᠮᠨᠡᠯᠭᠡ ᠵᠢᠨ ᠬᠣᠷᠢᠶ᠎ᠠ ᠬᠥᠯᠥᠨ ᠪᠤᠢᠷ ᠬᠣᠲᠠ ᠵᠢᠨ ᠲᠦᠷᠦᠬᠦᠤ ᠪᠦᠯᠦᠭᠤᠨ ᠬᠢᠲᠠᠳ ᠡᠮ ᠡᠮᠨᠡᠯᠭᠡ ( ᠮᠣᠩᠭᠣᠯ ᠡᠮ ᠡᠮᠨᠡᠯᠭᠡ ) ᠵᠢᠨ ᠦᠢᠯᠡᠴᠢᠯᠡᠭᠡᠨ ᠤ᠋ ᠠᠷᠠᠯᠵᠢᠶ᠎ᠠ ᠵᠢᠨ ᠭᠠᠳᠠᠭᠠᠳᠤᠳᠤ ᠭᠠᠷᠭᠠᠬᠤ ᠰᠠᠭᠤᠷᠢᠨ ᠵᠢᠡᠷ ᠵᠥᠪᠱᠢᠶᠡᠷᠡᠭ᠌ᠳᠡᠪᠡ ᠃
ᠤᠢᠯᠠᠭᠠᠭᠰᠠᠨᠵᠢᠡᠷ ᠂ ᠬᠥᠯᠥᠨ ᠪᠣᠢᠷ ᠬᠣᠲᠠ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠶ᠋ᠢᠨ ᠤᠯᠠᠨ ᠤᠯᠤᠰ ᠲᠡᠬᠢ ᠨᠥᠯᠥᠭᠡᠯᠡᠬᠦ᠌ ᠬᠦᠴᠦᠨ ᠢ᠋ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠶ᠋ᠢᠨ ᠣᠨᠴᠠᠯᠢᠭ ᠳᠠᠪᠠᠭᠤᠯᠢᠭ ᠢ᠋ ᠪᠠᠳᠠᠷᠠᠭᠤᠯᠤᠨ ᠂ ᠬᠥᠯᠥᠨ ᠪᠣᠢᠷ ᠬᠣᠲᠠ ᠵᠢᠨ ᠬᠢᠲᠠᠳ ᠡᠮᠨᠡᠯᠭᠡ (ᠮᠣᠩᠭᠣᠯ ᠡᠮᠨᠡᠯᠭᠡ) ᠵᠢᠨ ᠡᠮᠴᠢᠯᠡᠭᠡᠨ ᠤ᠋ ᠪᠠᠢᠭᠤᠯᠤᠮᠵᠢ ᠵᠢᠨ ᠭᠠᠳᠠᠭᠠᠳᠤ ᠵᠢᠨ ᠡᠪᠡᠳᠴᠢᠲᠡᠨᠳᠦ ᠦᠶ᠋ᠯᠡᠴᠢᠯᠡᠬᠦ᠌ ᠴᠢᠳᠠᠪᠤᠷᠢ ᠪᠠ ᠲᠦᠪᠰᠢᠨᠢ ᠳᠡᠭᠡᠭ᠌ᠰᠢᠯᠡᠭᠦᠯᠬᠦᠵᠢᠨ ᠲᠦᠯᠦᠭᠡ ᠂ ᠬᠥᠯᠥᠨ ᠪᠣᠢᠷ ᠬᠣᠲᠠ ᠵᠢᠨ ᠬᠢᠨ ᠥᠪᠡᠷᠲᠡᠭᠡᠨ ᠵᠠᠰᠠᠬᠤ ᠣᠷᠣᠨᠤ ᠵᠡᠭᠦᠨ ᠬᠡᠰᠡᠭ ᠤ᠋ᠨ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠶ᠋ᠢᠨ ᠦᠶ᠋ᠯᠡᠴᠢᠯᠡᠭᠡᠨ ᠤ᠋ ᠠᠷᠠᠯᠵᠢᠶ᠎ᠠ ᠵᠢᠨ ᠭᠠᠳᠠᠭᠠᠳᠤᠳᠤ ᠭᠠᠷᠭᠠᠬᠤ ᠰᠠᠭᠤᠷᠢᠨ ᠢ᠋ ᠴᠣᠭ᠍ᠴᠠᠯᠠᠨ ᠪᠠᠢᠭᠤᠯᠵᠤ᠂ ᠬᠢᠲᠠᠳ ᠡᠮᠨᠡᠯᠭᠡ (ᠮᠣᠩᠭᠣᠯ ᠡᠮᠨᠡᠯᠭᠡ) ᠵᠢᠨ ᠣᠯᠠᠨ ᠤᠯᠤᠰᠤᠨ ᠡᠮᠴᠢᠯᠡᠭᠡᠨ ᠤ᠋ ᠦᠶ᠋ᠯᠡᠴᠢᠯᠡᠭᠡᠨ ᠤ᠋ ᠲᠥᠪ ᠢ᠋ ᠡᠭᠦᠳᠦᠨ ᠪᠠᠢᠭᠤᠯᠵᠠᠢ᠃ ᠤᠢᠯᠠᠭᠠᠬᠰᠠᠨ ᠵᠢᠡᠷ ᠬᠥᠯᠥᠨ ᠪᠣᠢᠷ ᠬᠣᠲᠠ ᠵᠢᠨ ᠮᠣᠩᠭᠣᠯ ᠡᠮᠨᠡᠯᠭᠡ ᠵᠢᠨ ᠬᠣᠷᠢᠶ᠎ᠠ ᠨᠢ ᠬᠥᠯᠥᠨ ᠪᠣᠢᠷ ᠬᠣᠲᠠ ᠵᠢᠨ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠦᠶ᠋ᠯᠡᠴᠢᠯᠡᠭᠡᠨ ᠤ᠋ ᠠᠷᠠᠯᠵᠢᠶ᠎ᠠ ᠵᠢᠨ ᠭᠠᠳᠠᠭᠠᠳᠤᠳᠦ ᠭᠠᠷᠭᠠᠬᠤ ᠰᠠᠭᠤᠷᠢᠨ ᠵᠢᠡᠷ ᠠᠵᠠ ᠲᠣᠬᠢᠶᠠᠯ ᠪᠣᠯᠭᠠᠨ᠂ ᠣᠷᠣᠰᠮᠣᠩᠭᠣᠯ ᠬᠣᠶᠠᠷ ᠤᠯᠤᠰ ᠯᠤᠭ᠎ᠠ ᠵᠢᠨ ᠡᠮᠴᠢᠯᠡᠭᠡᠨ ᠤ᠋ ᠪᠠᠢᠭᠤᠯᠤᠮᠵᠢ᠂ ᠡᠷᠳᠡᠮ ᠱᠢᠨᠵᠢᠯᠡᠭᠡᠨ ᠤ᠋ ᠬᠦᠷᠢᠶᠡᠯᠡᠩ ᠭᠠᠵᠠᠷ᠂ ᠰᠣᠶᠣᠯ ᠵᠢᠭᠤᠯᠴᠢᠯᠠᠯᠤᠨ ᠪᠦᠯᠬᠦᠮ ᠵᠡᠷᠭᠡ ᠲᠠᠯ᠎ᠠ ᠵᠢᠨ ᠰᠣᠯᠢᠯᠴᠠᠭ᠎ᠠ ᠬᠠᠮᠲᠤᠷᠠᠯᠴᠠᠭᠠᠵᠢ ᠬᠦᠨᠵᠡᠭᠡᠢᠷᠡᠬᠦᠯᠵᠦ᠂ ᠡᠮᠨᠡᠯᠭᠡ ᠵᠢᠨ ᠬᠣᠷᠢᠶᠠᠨᠤ ᠭᠠᠳᠠᠭᠠᠳᠤ ᠬᠠᠮᠲᠤᠷᠠᠯᠴᠠᠭ᠎ᠠ ᠰᠣᠯᠢᠯᠴᠠᠭᠠᠨᠤ ᠴᠢᠳᠠᠪᠤᠷᠢ ᠵᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠂ ᠤᠯᠤᠰ ᠤ᠋ᠨ 《ᠨᠢᠭᠡ ᠪᠦᠰᠡ ᠨᠢᠭᠡ ᠵᠠᠮ》 ᠤ᠋ᠨ ᠪᠦᠲᠦᠭᠡᠨ ᠪᠠᠢᠭᠤᠯᠤᠯᠲᠠᠳ᠋ᠤ᠌ ᠢᠳᠡᠪᠬᠢᠳᠠᠢ ᠪᠡᠷ ᠠᠭᠤᠰᠤᠯᠴᠠᠨ ᠂ ᠬᠥᠯᠥᠨ ᠪᠣᠢᠷ ᠬᠤᠳᠠᠵᠢ ᠳᠡᠯᠡᠬᠡᠶᠳᠦ ᠠᠯᠳᠠᠷᠳᠠᠢ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ)ᠵᠢᠨ ᠡᠷᠡᠭᠦᠯ ᠡᠩᠬᠡ ᠵᠢᠨ ᠵᠢᠭᠤᠯᠴᠢᠯᠠᠯᠤᠨ ᠵᠣᠷᠢᠭ᠍ᠰᠠᠨ ᠭᠠᠵᠠᠷ ᠪᠣᠯᠭᠠᠨ ᠪᠦᠲᠦᠭᠡᠨ ᠪᠠᠢᠭᠤᠯᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃