2025-09-15 11:30:06
ᠦᠪᠡᠷᠳᠡᠭᠡᠨ ᠵᠠᠰᠠᠬᠤᠤᠷᠤᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠤ ᠵᠢᠨ ᠵᠦᠪᠯᠡᠯ ᠡᠴᠡ ᠤᠢᠯᠠᠭᠠᠭᠰᠠᠨ ᠵᠢᠡᠷ᠂ 《〈ᠭᠤᠸᠠᠩᠵᠸᠦ ᠥᠪᠥᠷ ᠮᠣᠩᠭᠣᠯ ᠭᠠᠷ ᠬᠣᠯᠪᠣᠯᠴᠠᠨ ᠬᠥᠯᠥᠨ ᠪᠤᠢᠷ ᠤ᠋ᠨ ᠡᠷᠡᠭᠦᠯᠮᠡᠨᠳᠤ ᠵᠢᠨ ᠵᠠᠮ ᠢ᠋ ᠴᠤᠭᠴᠠᠯᠠᠬᠤ — ᠣᠨᠴᠠ ᠬᠦᠮᠦᠵᠢᠭᠦᠯᠦᠭᠰᠡᠨᠡᠮᠴᠢᠯᠡᠭᠡᠨ ᠤ᠋ ᠲᠤᠰᠬᠠᠢ ᠮᠡᠷᠭᠡᠵᠢᠯᠲᠡᠨ ᠤ᠋ ᠦᠢᠯᠡᠴᠢᠯᠡᠭᠡᠨ ᠤ᠋ ᠪᠦᠯᠬᠦᠮ ᠤ᠋ᠨ ᠤᠮᠠᠷᠠᠳᠤ ᠬᠢᠯᠢ ᠵᠢᠳᠤᠯᠠᠭᠠᠯᠠᠬᠤ ᠠᠵᠢᠯᠯᠠᠭ᠎ᠠ》 ᠤᠢᠷ᠎ᠠ ᠳ᠋ᠤ ᠬᠦᠯᠦᠨ ᠪᠤᠢᠷ ᠬᠤᠳᠠᠵᠢᠨ ᠮᠣᠷᠢᠨᠳᠠᠪᠠᠭ᠎ᠠ ᠵᠢᠨ ᠳᠠᠭᠤᠷ ᠦᠨᠳᠦᠰᠦᠲᠡᠨ ᠤ᠋ ᠥᠪᠡᠷᠲᠡᠭᠡᠨ ᠵᠠᠰᠠᠬᠤ ᠬᠤᠰᠢᠭᠤᠨ ᠤ᠋ ᠠᠷᠠᠳ ᠤ᠋ᠨᠡᠮᠨᠡᠯᠭᠡ ᠵᠢᠨ ᠬᠣᠷᠢᠶ᠎ᠠ ᠳ᠋ᠤ᠌ ᠶᠠᠪᠤᠭᠳᠠᠵᠤ᠂ ᠲᠤᠰᠬᠠᠢ ᠮᠡᠷᠭᠡᠵᠢᠯᠲᠡᠨ ᠡᠴᠡ ᠡᠪᠡᠳᠴᠢᠨ ᠤᠨᠤᠰᠢᠯᠠᠬᠤ᠂ᠡᠮᠴᠢᠯᠡᠭᠡᠨ᠂ ᠬᠠᠮᠢᠶᠠᠷᠤᠯᠲᠠ ᠵᠢᠨ ᠵᠢᠯᠣᠭᠣᠳᠤᠯᠭ᠎ᠠ ᠬᠢᠬᠦ ᠪᠠ ᠡᠷᠳᠡᠮ ᠰᠢᠨᠵᠢᠯᠡᠭᠡᠨ ᠤ᠋ ᠲᠠᠢᠯᠤᠮᠵᠢ ᠬᠢᠬᠦᠵᠡᠷᠭᠡ ᠰᠢᠷᠢᠰ ᠠᠵᠢᠯᠯᠠᠭ᠎ᠠ ᠥᠷᠨᠢᠭᠦᠯᠵᠦ᠂ ᠲᠤᠬᠠᠢ ᠵᠢᠨ ᠭᠠᠵᠠᠷ ᠤ᠋ᠨ ᠣᠯᠠᠨ ᠲᠦᠮᠡᠨ ᠪᠠ ᠡᠮᠴᠢᠯᠡᠭᠡᠨᠤ᠋ ᠠᠵᠢᠯᠲᠠᠳ ᠤ᠋ᠨ ᠬᠠᠯᠠᠭᠤᠨ ᠬᠦᠷᠢᠶᠡᠯᠡᠯ ᠢ᠋ ᠣᠯᠵᠠᠢ᠃
ᠲᠤᠰ ᠤᠳᠠᠭ᠎ᠠ ᠵᠢᠨᠣᠨᠴᠠ ᠬᠦᠮᠦᠵᠢᠭᠦᠯᠦᠭᠰᠡᠨ ᠡᠮᠴᠢᠯᠡᠭᠡᠨ ᠤ᠋ ᠲᠤᠰᠬᠠᠢ ᠮᠡᠷᠭᠡᠵᠢᠯᠲᠡᠨ ᠤ᠋ ᠦᠢᠯᠡᠴᠢᠯᠡᠭᠡᠨ ᠤ᠋ ᠪᠦᠯᠬᠦᠮ ᠤ᠋ᠨᠪᠦᠷᠢᠯᠳᠦᠬᠦᠨ ᠪᠣᠯ ᠭᠤᠸᠠᠩᠳᠦᠩ ᠤ᠋ᠨ ᠡᠮ ᠤ᠋ᠨ ᠰᠢᠨᠵᠢᠯᠡᠬᠦ ᠤᠬᠠᠭᠠᠨ ᠤ᠋ ᠶᠡᠬᠡ ᠰᠤᠷᠭᠠᠭᠤᠯᠢ ᠵᠢᠨ ᠬᠠᠷᠢᠶᠠᠲᠤᠨᠢᠭᠡᠳᠦᠭᠡᠷ ᠡᠮᠨᠡᠯᠭᠡ ᠵᠢᠨ ᠬᠣᠷᠢᠶ᠎ᠠ ᠵᠢᠴᠢ ᠭᠤᠸᠠᠩᠳᠦ᠋ᠩ ᠮᠣᠵᠢ ᠵᠢᠨ ᠬᠢᠲᠠᠳ ᠡᠮᠨᠡᠯᠭᠡ ᠵᠢᠨ ᠬᠣᠷᠢᠶᠠᠪᠣᠯᠤᠨᠠ᠂ ᠡᠭᠦᠨ ᠳ᠋ᠦ᠍ ᠶᠠᠰᠤᠨ ᠤ᠋ ᠰᠠᠯᠠᠭ᠎ᠠ᠂ ᠰᠢᠩᠭᠡᠭᠡᠯᠲᠡ ᠵᠢᠨ ᠳᠣᠲᠣᠷ ᠰᠠᠯᠠᠭ᠎ᠠ᠂ ᠲᠦᠷᠭᠡᠨᠡᠮᠴᠢᠯᠡᠭᠡᠨ ᠤ᠋ ᠰᠠᠯᠠᠭ᠎ᠠ᠂ ᠰᠢᠭᠡᠰᠦ ᠰᠢᠭᠦᠷᠡᠭᠦᠯᠬᠦ ᠭᠠᠳᠠᠷ ᠰᠠᠯᠠᠭ᠎ᠠ᠂ ᠡᠪᠡᠳᠴᠢᠨ ᠤ᠋ ᠬᠡᠷᠡᠭ ᠤ᠋ᠨᠬᠠᠮᠢᠶᠠᠷᠤᠯᠲᠠ᠂ ᠠᠷᠠᠰᠤᠨ ᠤ᠋ ᠰᠠᠯᠠᠭ᠎ᠠ ᠵᠡᠷᠭᠡ ᠣᠯᠠᠨ ᠬᠦᠷᠢᠶᠡᠨ ᠤ᠋ ᠡᠷᠬᠡ ᠰᠦᠷᠲᠦ ᠲᠤᠰᠬᠠᠢ ᠮᠡᠷᠭᠡᠵᠢᠯᠲᠡᠨᠢ᠋ ᠪᠠᠭᠲᠠᠭᠠᠵᠠᠢ᠃
ᠠᠵᠢᠯᠯᠠᠭ᠎ᠠ ᠳ᠋ᠤ᠂ᠲᠤᠰᠬᠠᠢ ᠮᠡᠷᠭᠡᠵᠢᠯᠲᠡᠳ ᠡᠪᠡᠳᠴᠢᠲᠡᠨ ᠤ᠋ ᠥᠷᠥᠭᠡ ᠪᠡᠷ ᠬᠦᠷᠴᠤ᠂ ᠳᠤᠰ ᠬᠣᠰᠢᠭᠤᠨ ᠤ᠋ ᠠᠷᠠᠳ ᠤ᠋ᠨ ᠡᠮᠨᠡᠯᠭᠡᠵᠢᠨ ᠬᠣᠷᠢᠶ᠎ᠠ ᠵᠢᠨ ᠡᠯ᠎ᠡ ᠲᠤᠰᠬᠠᠢ ᠰᠠᠯᠠᠭ᠎ᠠ ᠵᠢᠨ ᠡᠮᠴᠢ ᠨᠠᠷ ᠲᠡᠢ ᠭᠦᠨᠵᠡᠭᠡᠢ ᠶᠠᠷᠢᠯᠴᠠᠨ᠂ ᠣᠨᠣᠰᠢᠯᠠᠨᠲᠣᠳᠣᠯᠠᠬᠤ ᠰᠡᠳᠬᠢᠴᠡ᠂ ᠡᠮᠨᠡᠨ ᠵᠠᠰᠠᠬᠤ ᠠᠷᠭ᠎ᠠ ᠡᠴᠡ ᠡᠷᠡᠭᠦᠯᠵᠢᠯ ᠤ᠋ᠨ ᠵᠡᠷᠭᠡ ᠲᠠᠯ᠎ᠠ ᠪᠠᠷ ᠪᠥᠬᠥᠲᠠᠯᠠ ᠵᠢᠨ ᠵᠢᠯᠣᠭᠣᠳᠤᠯᠭ᠎ᠠ ᠥᠭᠴᠡᠢ᠃ ᠪᠠᠰᠠ ᠬᠠᠮᠤᠭ ᠤ᠋ᠨ ᠰᠢᠨ᠎ᠡ ᠠᠨᠠᠭᠠᠬᠤ ᠤᠬᠠᠭᠠᠨ ᠤ᠋ ᠰᠤᠳᠤᠯᠭᠠᠨᠤ᠋ ᠪᠦᠲᠦᠭᠡᠯ ᠪᠣᠯᠤᠨ ᠡᠮᠴᠢᠯᠡᠭᠡᠨ ᠤ᠋ ᠲᠤᠷᠰᠢᠯᠭ᠎ᠠ ᠪᠠᠨ ᠬᠤᠪᠢᠶᠠᠯᠴᠠᠵᠠᠢ᠃ ᠡᠮᠴᠢᠯᠡᠭᠡᠨ ᠤ᠋ ᠰᠠᠯᠠᠭᠠᠵᠢᠨ ᠬᠠᠷᠢᠭᠤᠴᠠᠯᠭᠠᠳᠠᠨ ᠲᠠᠢ ᠨᠢᠭᠡ ᠨᠢᠭᠡᠳ ᠵᠢᠡᠷ ᠰᠠᠨᠠᠯ ᠵᠢᠡᠨ ᠰᠤᠯᠢᠯᠴᠠᠵᠤ᠂ ᠰᠠᠯᠠᠭ᠎ᠠ ᠳᠠᠰᠤᠭ ᠤ᠋ᠨᠬᠦᠭᠵᠢᠯᠳᠡ ᠲᠦᠯᠦᠪᠵᠢᠭᠦᠯᠭᠡ᠂ ᠴᠢᠳᠠᠪᠤᠷᠢᠳᠠᠨ ᠢ᠋ ᠬᠦᠮᠦᠵᠢᠭᠦᠯᠬᠦ ᠵᠡᠷᠭᠡ ᠠᠰᠠᠭᠤᠳᠠᠯ ᠳ᠋ᠤ ᠪᠦᠳᠦᠭᠡᠨᠪᠠᠢᠭᠤᠯᠤᠯᠳᠠ ᠵᠢᠨ ᠴᠢᠨᠠᠷᠳᠠᠢ ᠰᠠᠨᠠᠯ ᠰᠠᠨᠠᠭᠤᠯᠭ᠎ᠠ ᠦᠭᠴᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃