ᠲᠡᠷᠢᠭᠦᠨ ᠨᠢᠭᠤᠷ>ᠦᠢᠯᠡᠴᠢᠯᠡᠭᠡ ᠵᠦᠪᠯᠡᠯᠭᠡ>ᠮᠣᠩᠭᠤᠯ ᠡᠮᠨᠡᠯᠭᠡ

2026-10-20 10:51:09

ᠵᠣᠬᠢᠶᠠᠭ᠍ᠴᠢ᠄ ᠭᠤᠸ᠎ᠠ ᠣᠩᠱᠢᠭ᠍ᠰᠠᠨ ᠣᠳᠠᠭ᠎ᠠ᠄ 3

ᠤᠢᠷ᠎ᠠ ᠳ᠋ᠤ ᠬᠣᠶᠠᠳᠤᠭᠠᠷ ᠬᠤᠭᠤᠴᠠᠭᠠᠨ ᠤ᠋ ᠥᠪᠥᠷ ᠮᠣᠩᠭᠣᠯ ᠤ᠋ᠨ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠶ᠋ᠢᠨ ᠡᠮᠳᠤ ᠢᠳᠡᠭᠡᠨ ᠤ᠋ ᠤᠷᠤᠯᠳᠤᠭᠠᠨ ᠬᠥᠬᠡᠬᠣᠲᠠ ᠳ᠋ᠤ᠌ ᠶᠠᠪᠤᠭᠳᠠᠪᠠ᠃ ᠤᠷᠤᠯᠳᠤᠭᠠᠨ ᠤ᠋ ᠬᠤᠭᠤᠴᠠᠭᠠᠨ ᠳ᠋ᠤ᠌᠂ ᠥᠪᠥᠷ ᠮᠣᠩᠭᠣᠯ ᠤ᠋ᠨ ᠬᠢᠲᠠᠳ ᠮᠣᠩᠭᠣᠯ ᠠᠨᠠᠭᠠᠬᠤ ᠤᠬᠠᠭᠠᠨ ᠤ᠋ ᠰᠤᠳᠤᠯᠭᠠᠨ ᠤ᠋ ᠦᠷ᠎ᠡ ᠪᠦᠲᠦᠭᠡᠯ ᠢ᠋ ᠤᠨᠳᠤᠤᠰᠢᠭᠤᠯᠤᠭᠰᠠᠨ ᠳᠤᠭᠠᠴᠢᠯᠠᠭᠰᠠᠨ ᠲᠠᠪᠴᠠᠩ ᠠᠰᠢᠭᠯᠠᠯᠲᠠ ᠳ᠋ᠤ᠌ ᠣᠷᠣᠪᠠ᠃

ᠲᠤᠰ  ᠤᠷᠤᠯᠳᠤᠭᠠᠨ ᠳ᠋ᠤ ᠪᠦᠬᠦ ᠣᠷᠣᠨ ᠤ᠋ ᠡᠮᠳᠤ ᠢᠳᠡᠭᠡᠨ ᠤ᠋ ᠬᠦᠷᠢᠶᠡᠨ ᠤ᠋ ᠴᠢᠳᠠᠪᠤᠷᠢᠲᠠᠨ᠂ ᠠᠵᠤ ᠠᠬᠤᠢᠯᠠᠯ᠂ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠡᠬᠢ ᠪᠠᠶᠠᠯᠢᠭ ᠢ᠋ ᠲᠦᠪᠯᠡᠷᠡᠭᠦᠯᠤᠨ᠂ 《ᠤᠷ᠎ᠠ ᠮᠡᠷᠭᠡᠵᠢᠯ ᠤ᠋ᠨ ᠤᠷᠤᠯᠳᠤᠭᠠᠨ᠂ ᠡᠷᠳᠡᠮ ᠰᠢᠨᠵᠢᠯᠡᠭᠡᠨ ᠤ᠋ ᠰᠣᠯᠢᠯᠴᠠᠭ᠎ᠠ᠂ ᠰᠤᠳᠤᠯᠭᠠᠨ ᠤ᠋ ᠦᠷ᠎ᠡ ᠪᠦᠲᠦᠭᠡᠯ ᠢ᠋ ᠤᠨᠳᠤᠤᠰᠢᠭᠤᠯᠬᠤ᠂ ᠠᠵᠤ ᠦᠢᠯᠡᠰ ᠤ᠋ᠨ ᠬᠦᠳᠡᠯᠭᠡᠭᠦ ᠬᠦᠴᠦᠨ ᠢ᠋ ᠨᠡᠮᠡᠭᠳᠡᠭᠦᠯᠬᠦ》 ᠶᠡᠷᠦᠩᠬᠡᠢᠯᠡᠭᠰᠡᠨ ᠴᠢᠨᠠᠷᠲᠠᠢ ᠲᠠᠪᠴᠠᠩ ᠢ᠋ ᠪᠠᠢᠭᠤᠯᠵᠤ᠂ ᠥᠪᠥᠷ ᠮᠣᠩᠭᠣᠯ ᠤ᠋ᠨ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠡᠮᠳᠤ ᠢᠳᠡᠭᠡᠨ ᠢ᠋ ᠤᠯᠠᠮᠵᠢᠯᠠᠨ ᠵᠠᠯᠭᠠᠮᠵᠢᠯᠠᠵᠤ ᠰᠢᠨ᠎ᠡ ᠵᠢ ᠡᠭᠦᠳᠬᠦ ᠬᠥᠭᠵᠢᠯᠲᠡ ᠵᠢᠨ ᠪᠠᠢᠳᠠᠯ ᠢ᠋ ᠪᠦᠬᠦ ᠳᠠᠯ᠎ᠠ ᠪᠡᠷ ᠳᠡᠯᠭᠡᠨ ᠦᠵᠡᠭᠦᠯᠵᠡᠢ᠃

ᠤᠷᠤᠯᠳᠤᠭᠠᠨ ᠳ᠋ᠤ᠌ ᠨᠡᠢᠲᠡ 52 ᠤᠷᠤᠯᠳᠤᠭᠠᠨ ᠤ᠋ ᠠᠩᠭᠢ᠂ 40 ᠳᠡᠯᠭᠡᠨ ᠦᠵᠡᠭᠦᠯᠬᠦ ᠪᠠᠢᠭᠤᠯᠭ᠎ᠠ ᠣᠷᠣᠯᠴᠠᠵᠤ᠂ ᠨᠡᠢᠲᠡ 260 ᠡᠮᠲᠦ ᠢᠳᠡᠭᠡᠨ ᠢ᠋ ᠰᠢᠯᠭᠠᠷᠠᠭᠤᠯᠪᠠ᠃ ᠤᠷᠤᠯᠳᠤᠭᠠᠨ ᠳ᠋ᠤ᠌ ᠣᠷᠣᠯᠴᠠᠬᠰᠠᠨ ᠪᠡᠶᠡᠴᠢ ᠴᠣᠭᠴᠠ ᠨᠢ ᠡᠮ ᠡᠮᠨᠡᠯᠭᠡ ᠵᠢᠨ ᠪᠠᠢᠭᠤᠯᠤᠮᠵᠢ᠂ ᠶᠡᠬᠡ ᠳᠡᠭᠡᠳᠦ ᠰᠤᠷᠭᠠᠭᠤᠯᠢ᠂ ᠢᠳᠡᠭᠡᠨ ᠤᠮᠳᠠᠭᠠᠨ ᠤ᠋ ᠠᠵᠢᠯ ᠲᠥᠷᠥᠯ᠂ ᠡᠷᠡᠭᠦᠯᠵᠢᠯ ᠤ᠋ᠨ ᠠᠵᠤ ᠠᠬᠤᠢᠯᠠᠯ ᠵᠡᠷᠭᠡ ᠬᠦᠷᠢᠶ᠎ᠡ ᠴᠠᠷᠠᠭ᠎ᠠ ᠵᠢ ᠬᠠᠮᠤᠷᠴᠤ᠂ ᠳᠡᠯᠭᠡᠨ ᠦᠵᠡᠭᠦᠯᠭᠡ ᠳ᠋ᠦ᠍ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ ᠤ᠋ᠨ ᠠᠵᠤ ᠠᠬᠤᠢᠯᠠᠯ᠂ ᠡᠮ ᠡᠮᠨᠡᠯᠭᠡ ᠵᠢᠨ ᠪᠠᠢᠭᠤᠯᠤᠮᠵᠢ᠂ ᠰᠢᠨᠵᠢᠯᠡᠭᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ ᠵᠡᠷᠭᠡ ᠤᠷᠤᠯᠴᠠᠪᠠ ᠃

ᠳᠤᠰ ᠤᠳᠠᠭ᠎ᠠ ᠵᠢᠨ ᠤᠷᠤᠯᠳᠤᠭᠠᠨ ᠨᠢ 《ᠮᠥᠷᠥᠢᠴᠡᠭᠡᠨ + ᠰᠤᠳᠤᠯᠤᠨ ᠶᠠᠷᠢᠯᠴᠠᠬᠤ + ᠳᠡᠯᠭᠡᠨ ᠦᠵᠡᠭᠦᠯᠬᠦ》 ᠪᠣᠰᠤᠭ᠎ᠠ ᠴᠣᠭᠴᠠᠲᠤ ᠤᠷᠤᠯᠳᠤᠭᠠᠨ ᠤ᠋ ᠶᠠᠪᠤᠳᠠᠯ ᠤ᠋ᠨ ᠰᠢᠰᠲ᠋ᠧᠮ ᠢ᠋ ᠪᠠᠢᠭᠤᠯᠪᠠ᠃ ᠡᠭᠦᠨ ᠳ᠋ᠦ᠍᠂ ᠡᠮᠲᠦ ᠢᠳᠡᠭᠡᠨ ᠤ᠋ ᠠᠵᠤ ᠦᠢᠯᠡᠰ ᠤ᠋ᠨ ᠬᠥᠭᠵᠢᠯᠲᠡ ᠵᠢᠨ ᠶᠠᠷᠢᠶᠠᠨ ᠤ᠋ ᠲᠠᠪᠴᠠᠩ ᠨᠢ ᠡᠮᠲᠦ ᠢᠳᠡᠭᠡᠨ ᠤ᠋ ᠠᠵᠤ ᠦᠢᠯᠡᠰ ᠤ᠋ᠨ ᠬᠥᠭᠵᠢᠯᠲᠡ ᠵᠢᠨ ᠬᠦᠴᠢᠷᠳᠡᠯ᠂ ᠦᠢᠯᠡᠳᠬᠦᠨ ᠤ᠋ ᠰᠢᠨ᠎ᠡ ᠵᠢ ᠡᠭᠦᠳᠬᠦ ᠰᠤᠳᠤᠯᠤᠨ ᠨᠡᠭᠡᠭᠡᠯᠳᠡ᠂ ᠲᠤᠰᠬᠠᠢ ᠮᠡᠷᠭᠡᠵᠢᠯ ᠤ᠋ᠨ ᠴᠢᠳᠠᠪᠤᠷᠢᠲᠠᠨ ᠢ᠋ ᠬᠥᠮᠦᠵᠢᠭᠦᠯᠬᠦ ᠵᠡᠷᠭᠡ ᠰᠡᠳᠦᠪ ᠲᠦ᠍ ᠬᠠᠨᠳᠤᠭᠤᠯᠵᠤ᠂ ᠦᠢᠯᠡᠳᠪᠦᠷᠢᠯᠡᠯ ᠬᠢᠴᠢᠶᠡᠯ ᠰᠤᠳᠤᠯᠭᠠᠨ ᠢ᠋ ᠭᠦᠨᠵᠡᠭᠡᠢ ᠠᠭᠤᠰᠤᠯᠴᠠᠭᠤᠯᠬᠤ ᠬᠥᠭᠥᠷᠭᠡ ᠬᠤᠯᠪᠤᠭᠠᠰᠤ ᠵᠢ ᠪᠠᠢᠭᠤᠯᠵᠠᠢ᠃ ᠡᠭᠦᠨ ᠤ᠋ ᠬᠠᠮᠲᠤ ᠡᠷᠡᠭᠦᠯ ᠮᠡᠨᠳᠦ ᠵᠢᠨ ᠪᠦᠲᠦᠭᠡᠭᠳᠡᠬᠦᠨ ᠤ᠋ ᠦᠵᠡᠭᠦᠯᠭᠡ ᠵᠢᠨ ᠲᠣᠭᠣᠷᠢᠭ ᠢ᠋ ᠢᠵᠢ ᠪᠦᠷᠢᠳᠦᠭᠦᠯᠦᠨ ᠪᠠᠢᠷᠢᠯᠠᠭᠤᠯᠵᠤ᠂ ᠣᠨᠴᠠᠯᠢᠭᠲᠤ ᠡᠮᠳᠤ ᠢᠳᠡᠭᠡᠨ ᠤ᠋ ᠪᠦᠲᠦᠭᠡᠭᠳᠡᠬᠦᠨ᠂ ᠪᠡᠶ᠎ᠡ ᠰᠤᠪᠢᠯᠠᠬᠤ ᠴᠠᠢ ᠵᠢᠨ ᠤᠮᠳᠠᠭᠠᠨ᠂ ᠡᠷᠡᠭᠦᠯ ᠮᠡᠨᠳᠦ ᠵᠢᠨ ᠪᠦᠲᠦᠭᠡᠭᠳᠡᠬᠦᠨ ᠵᠡᠷᠭᠡ ᠪᠦᠬᠦ ᠣᠷᠣᠨ ᠤ᠋ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠠᠵᠤ ᠦᠢᠯᠡᠰ ᠤ᠋ᠨ ᠰᠢᠨ᠎ᠡ ᠡᠭᠦᠳᠦᠯᠳᠡ ᠵᠢᠨ ᠦᠷ᠎ᠡ ᠪᠦᠲᠦᠭᠡᠯ ᠢ᠋ ᠲᠥᠪᠯᠡᠷᠡᠭᠦᠯᠦᠨ ᠳᠡᠯᠭᠡᠨ ᠦᠵᠡᠭᠦᠯᠵᠦ᠂ ᠪᠦᠳᠦᠭᠡᠭᠳᠡᠭᠦᠨ ᠢ᠋ ᠳᠡᠯᠭᠡᠨ ᠦᠵᠡᠭᠦᠯᠬᠦ᠂ ᠡᠬᠢ ᠪᠠᠶᠠᠯᠢᠭ ᠢ᠋ ᠵᠣᠯᠭᠠᠭᠤᠯᠬᠤ᠂ ᠬᠠᠮᠲᠤᠷᠠᠯᠴᠠᠨ ᠵᠥᠪᠳᠡᠯᠴᠡᠬᠦ ᠵᠠᠮ ᠢ᠋ ᠨᠡᠪᠲᠡᠷᠡᠭᠦᠯᠦᠭᠰᠡᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面