2026-10-20 11:28:05
10 ᠰᠠᠷ᠎ᠠ ᠶᠢᠨ 11᠎ᠦ ᠡᠳᠦᠷ᠂ 《ᠲᠦᠩᠯᠢᠶᠣᠣ ᠳ᠋ᠤ ᠵᠢᠭᠤᠯᠴᠢᠯᠠᠶ᠎ᠠ ·ᠠᠯᠲᠠᠨ ᠨᠠᠮᠤᠷ᠎ᠤᠨ ᠪᠠᠳᠤᠴᠠᠭᠠᠨ ᠢ ᠰᠤᠨᠢᠷᠬᠠᠶ᠎ᠠ 》 ᠭᠡᠬᠥ ᠭᠤᠤᠯ ᠰᠡᠳᠥᠪᠳᠥ 2026 ᠣᠨ ᠤ ᠲᠦᠩᠯᠢᠶᠣᠣ ᠬᠣᠲᠠ᠎ᠶᠢᠨ ᠶᠢᠰᠦᠳᠦᠭᠡᠷ ᠬᠤᠭᠤᠴᠠᠭᠠᠨ ᠤ ᠤᠳᠠᠨᠲᠠᠯ᠎ᠠ ᠵᠢᠨ 《ᠪᠠᠲᠤᠴᠠᠭᠠᠨ》᠎ᠢ ᠰᠤᠨᠢᠷᠬᠠᠬᠤ ᠰᠢᠷᠢᠰ ᠠᠵᠢᠯᠯᠠᠭ᠎ᠠ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠤᠳᠠᠨᠲᠠᠯ᠎ᠠ᠎ᠶᠢᠨ ᠪᠠᠲᠤᠴᠠᠭᠠᠨ᠎ᠤ ᠣᠶ ᠰᠢᠭᠤᠢ᠎ᠶᠢᠨ ᠴᠡᠴᠡᠷᠯᠢᠭ᠎ᠲᠦ ᠡᠬᠢᠯᠡᠪᠡ᠃ ᠲᠣᠰ ᠤᠳᠠᠭᠠᠨ᠎ᠤ ᠠᠵᠢᠯᠯᠠᠭ᠎ᠠ᠎ᠶᠢ ᠲᠦᠩᠯᠢᠶᠣᠣ ᠬᠣᠲᠠ᠎ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠂ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠵᠠᠰᠠᠭ᠎ᠤᠨ ᠣᠷᠳᠣᠨ᠎ᠠᠴᠠ ᠭᠣᠣᠯᠯᠠᠨ ᠡᠷᠭᠢᠯᠡᠵᠦ᠂ 10 ᠰᠠᠷ᠎ᠠ᠎ᠶᠢᠨ 13᠎ᠤ ᠡᠳᠦᠷ ᠪᠣᠯᠲᠠᠯ᠎ᠠ ᠶᠠᠪᠤᠬᠳᠠᠭᠤᠯᠤᠨ᠎ᠠ᠃


ᠲᠤᠰ ᠠᠵᠢᠯᠯᠠᠭ᠎ᠠ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ᠎ᠳᠤ ᠰᠠᠭᠤᠷᠢᠯᠠᠵᠤ᠂ 10 ᠲᠦᠮᠡᠨ ᠮᠦ᠍᠎ᠶᠢᠨ ᠪᠠᠲᠤᠴᠠᠭᠠᠨ᠎ᠤ ᠠᠮᠢ ᠠᠬᠤᠢ᠎ᠶᠢᠨ ᠡᠬᠢ ᠪᠠᠶᠠᠯᠢᠭ᠋᠎ᠲᠤ ᠲᠦᠰᠢᠭᠯᠡᠨ᠂ ᠨᠠᠮᠤᠷ᠎ᠤᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠣᠨᠴᠠᠯᠢᠭ᠋᠎ᠢ ᠭᠦᠨᠵᠡᠭᠡᠢ ᠠᠭᠤᠳᠠᠯᠯᠠᠵᠤ᠂ ᠨᠡᠢ᠍ᠢᠳᠡ 9 ᠲᠣᠮᠣ᠌ ᠲᠥᠷᠥᠯ 17 ᠵᠥᠢᠯ᠎ᠦᠨ ᠠᠵᠢᠯᠯᠠᠭ᠎ᠠ ᠲᠣᠬᠢᠷᠠᠭᠤᠯᠵᠦ᠂ ᠰᠣᠳᠣᠨ ᠤᠷᠠᠨ ᠰᠠᠢᠬᠠᠨ᠎ᠤ ᠲᠣᠭᠯᠠᠯᠲᠠ᠂ ᠣᠨᠴᠠᠯᠢᠭ᠍ᠲᠤ ᠦᠷ᠎ᠡ ᠪᠦᠲᠦᠭᠡᠯ᠎ᠦᠨ ᠦᠵᠡᠭᠦᠯᠭᠡ᠂ 《ᠪᠠᠲᠤᠴᠠᠭᠠᠨ ᠤᠯᠠᠢᠨ ᠤᠯᠠᠢᠨᠠᠮ》 ᠭᠣᠣᠯ ᠰᠡᠳᠦᠪᠲᠦ ᠵᠣᠬᠢᠶᠠᠨ ᠪᠦᠲᠦᠭᠡᠯᠭᠡ ᠬᠢᠭᠡᠳ ᠰᠤᠳᠤᠯᠤᠨ ᠰᠤᠷᠤᠯᠴᠠᠬᠤ ᠦᠢᠯᠡᠳᠦᠯᠭᠡ᠂ ᠪᠠᠲᠤᠴᠠᠭᠠᠨ᠎ᠤ ᠵᠢᠭᠤᠯᠴᠢᠯᠠᠯ᠂ ᠣᠨᠴᠠᠯᠢᠭ᠍ᠲᠤ ᠴᠤᠭᠯᠠᠭ᠎ᠠ ᠮᠠᠢᠮᠠᠢ ᠵᠡᠷᠭᠡ ᠤᠯᠠᠨ ᠡᠰᠢᠲᠦ ᠠᠭᠤᠯᠭ᠎ᠠ᠎ᠶᠢ ᠬᠠᠮᠤᠷᠴᠤ᠂ ᠳᠥᠷᠪᠠᠨ ᠵᠥᠭ ᠨᠠᠢ᠍ᠮᠠᠨ ᠵᠣᠪᠬᠢᠰ᠎ᠤᠨ ᠵᠢᠭᠤᠯᠴᠢᠯᠠᠬᠰᠠᠳ᠎ᠤᠨ ᠪᠠᠲᠤᠴᠠᠭᠠᠨ ᠰᠣᠨᠢᠷᠬᠠᠬᠤ᠎ᠪᠠᠷ ᠢᠷᠡᠬᠥ ᠵᠢ ᠪᠠᠶᠠᠷᠯᠠᠨ ᠤᠭᠲᠤᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃