2026-10-24 17:45:49
10 ᠰᠠᠷ᠎ᠠ᠎ᠶᠢᠨ 15᠎ᠤ ᠡᠳᠦᠷ᠂《ᠮᠣᠷᠢ ( ᠲᠡᠮᠡᠭᠡ ) ᠤᠨᠤᠬᠤ ᠵᠢᠭᠤᠯᠴᠢᠯᠠᠯ᠎ᠤᠨ ᠪᠦᠲᠦᠭᠡᠭᠳᠡᠬᠦᠨ᠎ᠦ ᠦᠢᠯᠡᠴᠢᠯᠡᠭᠡᠨ᠎ᠦ ᠵᠢᠷᠤᠮᠵᠢᠯ》 (DB15/T 1043—2026)᠂《ᠮᠠᠯᠴᠢᠨ ᠠᠢᠯ᠎ᠤᠨ ᠵᠢᠭᠤᠯᠴᠢᠯᠠᠯ᠎ᠤᠨ ᠡᠵᠡᠩᠨᠡᠯᠲᠡ ᠦᠢᠯᠡᠴᠢᠯᠡᠭᠡᠨ᠎ᠦ ᠵᠢᠷᠤᠮᠵᠢᠯ》 (DB15/T 1044—2026) ᠪᠣᠯᠣᠨ《ᠮᠣᠩᠭᠣᠯ ᠬᠣᠭᠣᠯᠠ ᠡᠵᠡᠩᠨᠡᠬᠦ ᠲᠥᠷᠥᠯ ᠵᠦᠢᠯ᠎ᠦᠨ ᠭᠥᠯᠢᠶᠡᠨ ᠵᠤᠴᠢᠯᠠᠬᠤ ᠦᠢᠯᠡᠴᠢᠯᠡᠭᠡᠨ᠎ᠤ ᠵᠢᠷᠤᠮᠵᠢᠯ᠎ᠤᠨ ᠶᠡᠷᠦᠩᠬᠡᠢ ᠳᠦᠷᠢᠮ》 (DB15/T 1064—2026 ) ᠵᠡᠷᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠦᠢᠯᠡᠰ᠎ᠦᠨ ᠭᠤᠷᠪᠠᠨ ᠣᠷᠣᠨ ᠨᠤᠲᠤᠭ᠎ᠤᠨ ᠪᠠᠷᠢᠮᠵᠢᠶ᠎ᠠ᠎ᠶᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠪᠠᠷ ᠵᠢᠩᠬᠢᠨᠢ᠎ᠪᠡᠷ ᠵᠥᠪᠰᠢᠶᠡᠷᠡᠭᠦᠯᠦᠭᠡᠳ ᠨᠡᠢᠲᠡᠯᠡᠵᠦ᠂ 2016 ᠣᠨ᠎ᠤ ᠠᠳᠠᠯᠢ ᠨᠡᠷ᠎ᠡ᠎ᠲᠠᠢ ᠪᠠᠷᠢᠮᠵᠢᠶ᠎ᠠ᠎ᠶᠢ ᠣᠷᠣᠯᠠᠭᠤᠯᠪᠠ᠃ ᠲᠣᠰ ᠤᠳᠠᠭ᠎ᠠ ᠵᠠᠰᠠᠪᠤᠷᠢ ᠣᠷᠣᠭᠤᠯᠬᠤ᠎ᠳᠠᠭᠠᠨ ᠠᠵᠢᠯ ᠲᠥᠷᠥᠯ᠎ᠦᠨ ᠬᠥᠭᠵᠢᠯᠲᠡ᠎ᠶᠢᠨ ᠪᠣᠳᠠᠲᠤ ᠪᠠᠢᠳᠠᠯ᠎ᠳᠤ ᠰᠠᠭᠤᠷᠢᠯᠠᠭᠰᠠᠨ ᠨᠢ ᠵᠠᠬ᠎ᠠ ᠳᠡᠯᠭᠡᠭᠦᠷ᠎ᠦᠨ ᠰᠢᠨ᠎ᠡ ᠬᠡᠷᠡᠭᠴᠡᠭᠡ ᠱᠠᠭᠠᠷᠳᠠᠯᠭ᠎ᠠ᠎ᠳᠤ ᠣᠨᠣᠪᠴᠢᠲᠠᠶ ᠬᠠᠷᠢᠭᠤᠯᠲᠠ ᠥᠭᠭᠦᠭᠰᠡᠨ᠎ᠢᠶᠡᠷ ᠪᠠᠷᠠᠬᠤ ᠦᠭᠡᠢ᠂ ᠪᠠᠰᠠ ᠴᠤ᠌ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠰᠣᠶᠣᠯ ᠵᠢᠭᠤᠯᠴᠢᠯᠠᠯ᠎ᠤᠨ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠵᠠᠢ᠃
ᠭᠤᠷᠪᠠᠨ ᠵᠦᠢᠯ᠎ᠦᠨ ᠪᠠᠷᠢᠮᠵᠢᠶ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠡᠴᠡ ᠲᠥᠷᠥᠯ ᠵᠦᠢᠯ ᠲᠣᠭᠲᠠᠭᠠᠬᠤ᠎ᠶᠢ ᠵᠥᠪᠰᠢᠶᠡᠷᠡᠵᠦ᠂ ᠣᠷᠳᠣᠰ ᠬᠣᠲᠠ᠎ᠶᠢᠨ ᠳ᠋ᠦᠩᠱᠧᠩ ᠲᠣᠭᠣᠷᠢᠭ᠋᠎ᠤᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠲᠦᠷᠦᠭᠦᠯᠡᠨ ᠵᠣᠬᠢᠶᠠᠨ ᠪᠠᠢᠭᠤᠯᠤᠨ ᠵᠠᠰᠠᠪᠤᠷᠢ ᠣᠷᠣᠭᠤᠯᠵᠤ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠣᠨᠴᠠᠯᠢᠭ᠋᠎ᠲᠠᠢ ᠨᠢᠭ᠍ᠲᠠ ᠤᠶᠠᠯᠳᠤᠭᠤᠯᠤᠨ᠂ ᠭᠣᠣᠯᠳᠠᠯᠭ᠎ᠠ᠎ᠲᠠᠢ ᠡᠵᠡᠩᠨᠡᠯᠲᠡ᠎ᠶᠢᠨ ᠬᠡᠯᠪᠡᠷᠢ ᠪᠠᠢᠳᠠᠯ᠎ᠳᠤ ᠲᠤᠢᠯ᠎ᠤᠨ ᠣᠨᠣᠪᠴᠢᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠎ᠳᠤ ᠠᠩᠬᠠᠷᠤᠯ ᠵᠢᠡᠨ ᠲᠦᠪᠯᠡᠷᠡᠭᠦᠯᠪᠡ᠃
《ᠮᠣᠷᠢ ( ᠲᠡᠮᠡᠭᠡ ) ᠤᠨᠤᠬᠤ ᠵᠢᠭᠤᠯᠴᠢᠯᠠᠯ᠎ᠤᠨ ᠪᠦᠲᠦᠭᠡᠭᠳᠡᠬᠦᠨ᠎ᠦ ᠦᠢᠯᠡᠴᠢᠯᠡᠭᠡᠨ᠎ᠦ ᠵᠢᠷᠤᠮᠵᠢᠯ》 ᠨᠢ ᠤᠨᠤᠯᠭᠠᠨᠤ ᠲᠠᠯᠠᠪᠤᠷ᠂ ᠮᠣᠷᠢ ᠲᠡᠮᠡᠭᠡᠨ᠎ᠦ ᠬᠠᠮᠢᠶᠠᠷᠤᠯᠲᠠ ᠬᠠᠮᠠᠭᠠᠯᠠᠯᠲᠠ᠂ ᠵᠠᠮ ᠱᠤᠭᠤᠮ᠎ᠤᠨ ᠵᠢᠷᠤᠭ ᠲᠥᠯᠥᠪᠯᠡᠭᠡ᠂ ᠪᠢᠯᠧᠲ᠎ᠦᠨ ᠠᠰᠠᠭᠤᠨ ᠯᠠᠪᠯᠠᠭ᠎ᠠ᠂ ᠠᠮᠢ ᠠᠬᠤᠢ᠎ᠶᠢᠨ ᠣᠷᠴᠢᠨ ᠲᠣᠭᠣᠷᠢᠨ᠎ᠤ ᠬᠠᠮᠠᠭᠠᠯᠠᠯᠲᠠ᠂ ᠠᠮᠤᠷ ᠲᠦᠪᠰᠢᠨ᠎ᠦ ᠬᠠᠮᠢᠶᠠᠷᠤᠯᠲᠠ ᠡᠵᠡᠮᠳᠡᠯ᠂ ᠡᠮᠴᠢᠯᠡᠭᠡᠨ᠎ᠦ ᠠᠪᠤᠷᠠᠨ ᠲᠤᠰᠠᠯᠠᠯᠲᠠ ᠵᠡᠷᠭᠡ᠎ᠳᠦ ᠰᠢᠰᠲᠧᠮ᠎ᠲᠠᠢ ᠵᠢᠷᠤᠮᠵᠢᠯ ᠭᠠᠷᠭᠠᠵᠤ᠂ ᠲᠠᠯ᠎ᠠ ᠨᠤᠲᠤᠭ᠎ᠤᠨ ᠬᠠᠯᠠᠮᠰᠢᠯ ᠪᠦᠬᠦᠢ ᠪᠡᠶᠡᠴᠢᠯᠡᠨ ᠣᠢᠯᠠᠭᠠᠬᠤ ᠲᠥᠷᠥᠯ ᠵᠦᠢᠯ᠎ᠢ ᠴᠢᠩᠭ᠎ᠠ ᠠᠩᠬᠠᠷᠴᠤ᠂ ᠵᠢᠭᠤᠯᠴᠢᠯᠠᠯ᠎ᠤᠨ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠪᠠ᠃
《ᠮᠠᠯᠴᠢᠨ ᠠᠢᠯ᠎ᠤᠨ ᠵᠢᠭᠤᠯᠴᠢᠯᠠᠯ᠎ᠤᠨ ᠡᠵᠡᠩᠨᠡᠯᠲᠡ ᠦᠢᠯᠡᠴᠢᠯᠡᠭᠡᠨ᠎ᠦ ᠵᠢᠷᠤᠮᠵᠢᠯ》᠎ᠳ᠋ᠤ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠂ ᠬᠦᠯᠢᠶᠡᠨ ᠠᠪᠴᠤ ᠦᠢᠯᠡᠴᠢᠯᠡᠬᠦ᠂ ᠠᠮᠢ ᠠᠬᠤᠢ᠎ᠶᠢᠨ ᠬᠠᠮᠠᠭᠠᠯᠠᠯᠲᠠ᠂ ᠠᠮᠤᠷ ᠲᠦᠪᠰᠢᠨ᠎ᠦ ᠬᠠᠮᠢᠶᠠᠷᠤᠯᠲᠠ᠎ᠶᠢᠨ ᠬᠠᠮᠢᠶ᠎ᠠ ᠪᠦᠬᠦᠢ ᠱᠠᠭᠠᠷᠳᠠᠯᠭ᠎ᠠ᠎ᠶᠢ ᠲᠣᠳᠣᠷᠬᠠᠢᠯᠠᠵᠤ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠮᠣᠩᠭᠣᠯ ᠦᠨᠳᠦᠰᠦᠲᠡᠨ᠎ᠦ ᠳᠠᠭᠤᠤ ᠪᠥᠵᠢᠭ᠂ ᠰᠤᠷ ᠬᠠᠷᠪᠤᠯᠲᠠ᠂ ᠪᠦᠬᠡ ᠵᠡᠷᠭᠡ ᠣᠨᠴᠠᠯᠢᠭ᠍ᠲᠤ ᠰᠣᠶᠣᠯ᠎ᠤᠨ ᠠᠵᠢᠯᠯᠠᠭ᠎ᠠ ᠥᠷᠨᠢᠭᠦᠯᠬᠦ᠎ᠶᠢ ᠵᠣᠷᠢᠭ᠍ᠵᠢᠭᠤᠯᠵᠤ᠂ ᠮᠠᠯᠴᠢᠨ ᠠᠢᠯ᠎ᠤᠨ ᠵᠢᠭᠤᠯᠴᠢᠯᠠᠯ᠎ᠤᠨ ᠬᠡᠪᠴᠢᠶ᠎ᠡ᠎ᠶᠢ ᠥᠷᠭᠡᠳᠬᠡᠬᠦ᠎ᠡᠴᠡ ᠶᠠᠰᠤ ᠴᠢᠨᠠᠷ᠎ᠢ ᠳᠡᠭᠡᠭᠰᠢᠯᠡᠭᠦᠯᠬᠦ ᠲᠡᠢᠰᠢ ᠬᠡᠯᠪᠡᠷᠢ ᠪᠠᠨ ᠬᠤᠪᠢᠷᠠᠭᠤᠯᠬᠤ᠎ᠶᠢ ᠠᠬᠢᠭᠤᠯᠪᠠ᠃
《ᠮᠣᠩᠭᠣᠯ ᠬᠣᠭᠣᠯᠠ ᠡᠵᠡᠩᠨᠡᠬᠦ ᠲᠥᠷᠥᠯ ᠵᠦᠢᠯ᠎ᠦᠨ ᠭᠥᠯᠢᠶᠡᠨ ᠵᠤᠴᠢᠯᠠᠬᠤ ᠦᠢᠯᠡᠴᠢᠯᠡᠭᠡᠨ᠎ᠤ ᠵᠢᠷᠤᠮᠵᠢᠯ᠎ᠤᠨ ᠶᠡᠷᠦᠩᠬᠡᠢ ᠳᠦᠷᠢᠮ》 ᠨᠢ ᠦᠢᠯᠡᠴᠢᠯᠡᠭᠡᠨ᠎ᠦ ᠣᠷᠴᠢᠨ ᠲᠣᠭᠣᠷᠢᠨ᠂ ᠭᠥᠯᠢᠶᠡᠨ ᠵᠤᠴᠢᠯᠠᠬᠤ ᠶᠠᠪᠤᠴᠠ᠂ ᠦᠨᠳᠦᠰᠦᠲᠡᠨ᠎ᠦ ᠶᠣᠰᠣ ᠴᠡᠭᠡᠷ᠂ ᠣᠨᠴᠠᠯᠢᠭ᠍ᠲᠤ ᠨᠣᠭᠣᠭ᠎ᠠ᠎ᠶᠢᠨ ᠦᠢᠯᠡᠴᠢᠯᠡᠭᠡ᠂ ᠶᠠᠰᠤ ᠴᠢᠨᠠᠷ᠎ᠤᠨ ᠦᠨᠡᠯᠡᠯᠲᠡ ᠵᠡᠷᠭᠡ ᠠᠭᠤᠯᠭ᠎ᠠ᠎ᠶᠢ ᠨᠢᠭᠡᠳᠦᠯᠲᠡᠢ ᠵᠢᠷᠤᠮᠵᠢᠭᠤᠯᠵᠤ᠂ ᠢᠳᠡᠭᠡᠨ ᠤᠮᠳᠠᠭᠠᠨ᠎ᠤ ᠦᠢᠯᠡᠴᠢᠯᠡᠭᠡ ᠪᠠ ᠰᠣᠶᠣᠯ᠎ᠤᠨ ᠢᠯᠡᠳᠬᠡᠯᠲᠡ᠎ᠶᠢ ᠬᠠᠮᠲᠤ ᠳ᠋ᠤᠨᠢ ᠬᠠᠷᠠᠭᠠᠯᠵᠠᠨ᠂ ᠵᠢᠭᠤᠯᠴᠢᠯᠠᠭ᠍ᠴᠢᠳ᠎ᠲᠤ ᠮᠣᠩᠭᠣᠯ ᠬᠣᠭᠣᠯᠠ᠎ᠶᠢ ᠠᠮᠲᠠᠯᠠᠬᠤ᠎ᠶᠢᠨ ᠬᠠᠮᠲᠤ ᠦᠨᠳᠦᠰᠦᠲᠡᠨ᠎ᠦ ᠢᠳᠡᠭᠡᠨ ᠤᠮᠳᠠᠭᠠᠨ᠎ᠤ ᠰᠣᠶᠣᠯ᠎ᠢ ᠠᠭᠤᠰᠬᠠᠨ ᠮᠡᠳᠡᠷᠡᠭᠦᠯᠦᠨ᠎ᠡ᠃
ᠪᠠᠷᠢᠮᠵᠢᠶ᠎ᠠ᠎ᠶᠢ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶᠢ ᠠᠬᠢᠭᠤᠯᠬᠤ᠎ᠶᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠤᠬᠠᠭᠤᠯᠤᠨ ᠲᠤᠭᠤᠰᠢᠯᠠᠭᠤᠯᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ 10 ᠰᠠᠷ᠎ᠠ᠎ᠶᠢᠨ 19᠎ᠦ ᠡᠳᠦᠷ ᠪᠥᠬᠥ ᠣᠷᠣᠨ᠎ᠤ ᠰᠣᠶᠣᠯ ᠵᠢᠭᠤᠯᠴᠢᠯᠠᠯ᠎ᠤᠨ ᠣᠷᠣᠨ ᠨᠤᠲᠤᠭ᠎ᠤᠨ ᠪᠠᠷᠢᠮᠵᠢᠶ᠎ᠠ᠎ᠶᠢ ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠯ᠎ᠤᠨ ᠠᠩᠭᠢ᠎ᠶᠢ ᠡᠷᠭᠢᠯᠡᠵᠦ᠂ ᠪᠠᠷᠢᠮᠵᠢᠶ᠎ᠠ᠎ᠶᠢ ᠲᠤᠭᠤᠷᠪᠢᠬᠰᠠᠨ ᠲᠤᠰᠬᠠᠢ ᠮᠡᠷᠭᠡᠵᠢᠯᠲᠡᠨ᠎ᠢ ᠤᠷᠢᠵᠤ ᠲᠤᠬᠠᠢ᠎ᠶᠢᠨ ᠲᠠᠯᠠᠪᠠᠶ᠎ᠳᠤ ᠲᠠᠢᠯᠤᠮᠵᠢ ᠬᠢᠯᠭᠡᠵᠦ᠂ ᠡᠯ᠎ᠡ ᠠᠢᠮᠠᠭ ᠬᠣᠲᠠ᠎ᠶᠢᠨ ᠰᠣᠶᠣᠯ ᠵᠢᠭᠤᠯᠴᠢᠯᠠᠯ᠎ᠤᠨ ᠲᠤᠬᠠᠢᠯᠠᠭᠰᠠᠨ ᠠᠵᠢᠯ᠎ᠤᠨ ᠭᠣᠣᠯᠯᠠᠭ᠍ᠴᠢ ᠬᠦᠴᠦᠨ᠂ ᠭᠣᠣᠯᠳᠠᠯᠭ᠎ᠠ᠎ᠲᠠᠢ ᠰᠣᠶᠣᠯ ᠵᠢᠭᠤᠯᠴᠢᠯᠠᠯ᠎ᠤᠨ ᠠᠵᠤ ᠠᠬᠤᠢᠯᠠᠯ᠎ᠤᠨ ᠲᠥᠯᠥᠭᠡᠯᠡᠭᠴᠢ᠎ᠶᠢ ᠪᠣᠯᠪᠠᠰᠤᠷᠠᠯ᠎ᠳᠤ ᠣᠷᠣᠯᠴᠠᠭᠤᠯᠪᠠ᠃
ᠲᠠᠷᠠᠭᠠᠴᠢ᠎ᠶᠢᠨ ᠠᠯᠬᠤᠮ᠎ᠳᠤ᠂ ᠪᠠᠷᠢᠮᠵᠢᠶ᠎ᠠ᠎ᠶᠢ ᠨᠠᠢᠳᠠᠪᠤᠷᠢᠵᠢᠭᠤᠯᠬᠤ᠎ᠶᠢ ᠦᠷᠭᠦᠯᠵᠢᠯᠡᠨ ᠠᠬᠢᠭᠤᠯᠵᠤ᠂ ᠡᠯ᠎ᠡ ᠠᠢᠮᠠᠭ ᠬᠣᠲᠠ᠎ᠶᠢ ᠵᠢᠯᠣᠭᠣᠳᠤᠨ ᠤᠬᠠᠭᠤᠯᠭ᠎ᠠ ᠪᠠ ᠲᠤᠬᠠᠢᠯᠠᠭᠰᠠᠨ ᠠᠵᠢᠯ᠎ᠤᠨ ᠵᠢᠯᠣᠭᠣᠳᠤᠯᠭ᠎ᠠ᠎ᠶᠢ ᠴᠢᠩᠭᠠᠳᠬᠠᠵᠤ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠪᠠᠷᠢᠮᠵᠢᠶ᠎ᠠ᠎ᠲᠠᠢ ᠬᠠᠷᠭᠤᠭᠤᠯᠤᠨ ᠥᠪᠡᠷ᠎ᠢ᠎ᠪᠡᠨ ᠪᠠᠢᠴᠠᠭᠠᠵᠤ ᠴᠡᠭᠴᠡᠯᠡᠨ ᠰᠠᠢᠵᠢᠷᠠᠭᠤᠯᠵᠤ᠂ ᠡᠵᠡᠩᠨᠡᠯᠲᠡ᠎ᠪᠡᠨ ᠵᠢᠷᠤᠮᠵᠢᠭᠤᠯᠵᠤ᠂ ᠪᠠᠷᠢᠮᠵᠢᠶᠠᠵᠢᠭᠤᠯᠤᠯᠲᠠ᠎ᠪᠠᠷ ᠲᠠᠯ᠎ᠠ ᠨᠤᠲᠤᠭ᠎ᠤᠨ ᠵᠢᠭᠤᠯᠴᠢᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠶᠢ ᠬᠥᠲᠥᠯᠥᠨ ᠳᠠᠭᠠᠭᠤᠯᠵᠤ᠂ ᠪᠥᠬᠥ ᠣᠷᠣᠨ᠎ᠤ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠨ᠎ᠡ᠃
ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃