ᠲᠡᠷᠢᠭᠦᠨ ᠨᠢᠭᠤᠷ>ᠵᠢᠷᠭᠢᠶ᠎ᠡ>ᠵᠢᠭᠤᠯᠴᠢᠯᠠᠯ

2026-10-29 20:29:16

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠲᠦᠷᠦᠭᠦᠬᠡᠨ ᠪᠡᠭᠡᠵᠢᠩ᠎ᠳᠦ ᠶᠠᠪᠤᠭᠳᠠᠭᠰᠠᠨ ᠪᠡᠭᠡᠵᠢᠩ ᠲᠢᠶᠠᠨᠵᠢᠨ ᠡᡁᠸᠪᠸᠢ ᠣᠷᠣᠨ᠎ᠤ ᠳᠤᠤᠷ᠎ᠠ ᠠᠭᠠᠷ᠎ᠤᠨ ᠠᠵᠤ ᠠᠬᠤᠢ᠂ ᠨᠡᠢᠳᠡᠮ ᠬᠡᠷᠡᠭᠯᠡᠭᠡᠨ᠎ᠤ ᠠᠭᠠᠷ᠎ᠤᠨ ᠠᠶᠠᠯᠠᠯ ᠤ᠋ᠨ ᠠᠵᠤ ᠠᠬᠤᠢᠯᠠᠯ᠎ᠤᠨ ᠵᠠᠰᠠᠭ ᠠᠵᠤ ᠠᠬᠤᠢᠯᠠᠯ᠎ᠢ ᠵᠣᠯᠭᠠᠭᠤᠯᠬᠤ ᠠᠵᠢᠯᠯᠠᠭ᠎ᠠ ᠳᠡᠭᠡᠷ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ ᠥᠪᠥᠷ ᠮᠣᠩᠭᠣᠯ ᠤᠳᠤ ᠶᠠᠭ ᠣᠨᠴᠠᠯᠢᠭ᠍ᠲᠤ ᠠᠵᠤ ᠦᠢᠯᠡᠰ᠎ᠦᠨ ᠵᠢᠭ᠍ᠰᠠᠭᠠᠯ᠎ᠢ ᠢᠳᠡᠪᠬᠢᠲᠡᠢ ᠪᠠᠢᠭᠤᠯᠵᠤ᠂ ᠨᠡᠢᠳᠡᠮ᠎ᠤᠨ ᠬᠡᠷᠡᠭᠯᠡᠭᠡᠨ᠎ᠦ ᠨᠢᠰᠬᠡᠯ᠎ᠦᠨ ᠪᠠᠭᠤᠳᠠᠯ᠎ᠢ 31 ᠪᠠᠢᠭᠤᠯᠵᠤ᠂ 2 ᠵᠢᠯ᠎ᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ 《ᠪᠤᠭᠤᠮᠳᠠ ᠰᠢᠪᠲᠤᠯᠬᠤ》 6 ᠵᠦᠢᠯ᠎ᠦᠨ ᠢᠨᠵᠧᠨᠧᠷᠢᠩ ᠦ᠋ᠨ ᠳᠤᠤᠷ᠎ᠠ ᠠᠭᠠᠷ᠎ᠤᠨ ᠠᠵᠤ ᠠᠬᠤᠢ᠎ᠶᠢᠨ ᠬᠦᠷᠢᠶᠡᠨ᠎ᠦ ᠴᠢᠬᠤᠯᠠ ᠶᠡᠬᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠦᠷᠦᠯ ᠵᠦᠢᠯ᠎ᠢ ᠨᠠᠢᠳᠠᠪᠤᠷᠢᠵᠢᠭᠤᠯᠵᠠᠢ ᠭᠡᠪᠡ᠃



ᠳᠤᠤᠷ᠎ᠠ ᠠᠭᠠᠷ᠎ᠤᠨ ᠠᠵᠤ ᠠᠬᠤᠢ ᠨᠢ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ ᠪᠣᠯᠤᠭᠰᠠᠨ᠎ᠤ ᠬᠤᠪᠢ᠎ᠳᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ ᠭᠣᠣᠯ ᠬᠥᠳᠡᠯᠭᠡᠭᠦᠷ ᠪᠣᠯᠣᠨ᠎ᠠ᠃ ᠥᠪᠥᠷ ᠮᠣᠩᠭᠣᠯ ᠳᠤᠤᠷ᠎ᠠ ᠠᠭᠠᠷ᠎ᠤᠨ ᠠᠵᠤ ᠠᠬᠤᠢ᠎ᠶᠢ ᠬᠥᠭᠵᠢᠭᠦᠯᠬᠦ᠎ᠳᠦ ᠤᠯᠠᠨ ᠲᠠᠯ᠎ᠠ᠎ᠶᠢᠨ ᠳᠠᠪᠠᠭᠤᠯᠢᠭ᠋᠎ᠲᠠᠢ ᠪᠠᠢᠵᠤ᠂ ᠳᠤᠤᠷ᠎ᠠ ᠠᠭᠠᠷ᠎ᠤᠨ ᠬᠡᠷᠡᠭᠯᠡᠭᠡᠨ᠎ᠦ ᠲᠠᠯ᠎ᠠ᠎ᠪᠠᠷ ᠳᠠᠰᠤᠷᠠᠯᠳᠠ ᠦᠭᠡᠢ ᠰᠢᠨ᠎ᠡ᠎ᠶᠢ ᠡᠭᠦᠳᠦᠨ ᠰᠢᠪᠲᠤᠯᠤᠯᠲᠠ ᠭᠠᠷᠭᠠᠵᠤ᠂ ᠤᠯᠠᠨ ᠲᠠᠯ᠎ᠠ᠎ᠪᠠᠷ ᠴᠡᠴᠡᠭᠯᠡᠭᠦᠯᠬᠦ᠎ᠶᠢ ᠪᠡᠶᠡᠯᠡᠭᠦᠯᠵᠡᠢ᠃

ᠥᠪᠥᠷ ᠮᠣᠩᠭᠣᠯ 《ᠳᠤᠤᠷ᠎ᠠ ᠠᠭᠠᠷ +》 ᠠᠭᠤᠰᠤᠯᠴᠠᠭᠰᠠᠨ ᠡᠵᠡᠩᠨᠡᠯᠲᠡ ᠶ᠋ᠢᠨ ᠬᠡᠯᠪᠡᠷᠢ ᠪᠠᠢᠳᠠᠯ᠎ᠤᠨ ᠣᠯᠠᠨ ᠴᠡᠭ᠎ᠲᠦ ᠴᠡᠴᠡᠭᠯᠡᠬᠦ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠵᠤ ᠪᠠᠢᠨ᠎ᠠ᠃ ᠵᠢᠯᠣᠭᠣᠴᠢ ᠦᠭᠡᠢ ᠨᠢᠰᠬᠡᠯ᠎ᠢ ᠦᠢᠯᠡᠳᠪᠦᠷᠢᠯᠡᠯ᠎ᠳᠦ ᠥᠷᠭᠡᠨ᠎ᠢᠶᠡᠷ ᠬᠡᠷᠡᠭᠯᠡᠵᠦ᠂ ᠲᠠᠷᠢᠶᠠᠯᠠᠩ ᠣᠶ ᠰᠢᠭᠤᠢ ᠤᠷᠭᠤᠮᠠᠯ᠎ᠤᠨ ᠬᠠᠮᠠᠭᠠᠯᠠᠯᠲᠠ ᠳ᠋ᠡᠬᠢ ᠣᠨ᠎ᠤ ᠨᠡᠶ᠋ᠢᠲᠡ ᠠᠵᠢᠯᠯᠠᠭᠠᠨ᠎ᠤ ᠲᠠᠯᠠᠪᠠᠶ 3000 ᠲᠦᠮᠡᠨ ᠮᠦ᠍᠎ᠶᠢ ᠳᠠᠪᠠᠵᠤ᠂ ᠣᠶ ᠰᠢᠭᠤᠢ ᠵᠢ ᠬᠠᠮᠠᠭᠠᠯᠠᠬᠤ ᠪᠠ ᠲᠠᠯ᠎ᠠ ᠨᠤᠲᠤᠭ᠎ᠤᠨ ᠬᠤᠯᠤᠭᠠᠨ᠎ᠠ ᠬᠣᠷᠣᠬᠠᠢ᠎ᠶᠢᠨ ᠬᠥᠨᠥᠭᠡᠯ᠎ᠢ ᠰᠡᠷᠭᠡᠢᠯᠡᠨ ᠵᠠᠰᠠᠬᠰᠠᠨ ᠲᠠᠯᠠᠪᠠᠶ 70 ᠲᠦᠮᠡᠨ ᠲᠡᠭᠰᠢ ᠳᠥᠷᠪᠡᠯᠵᠢᠨ ᠺᠢᠯᠣᠮᠧᠲᠷ᠎ᠢ ᠳᠠᠪᠠᠵᠤ᠂ 《ᠤᠮᠠᠷᠠᠲᠤ ᠵᠢᠨ ᠭᠤᠷᠪᠠᠨ ᠤᠷᠤᠨ》᠎ᠤ᠋ ᠢᠨᠵᠧᠨᠧᠷᠢᠩ᠎ᠦᠨ ᠨᠢᠰᠬᠡᠯ᠎ᠢᠶᠡᠷ ᠳᠠᠷᠢᠵᠤ ᠣᠢᠵᠢᠭᠤᠯᠤᠭᠰᠠᠨ ᠲᠠᠯᠠᠪᠠᠶ ᠮᠢᠩᠭᠠᠨ ᠲᠦᠮᠡᠨ ᠮᠦ᠍᠎ᠶᠢ ᠳᠠᠪᠠᠵᠤ᠂ ᠴᠠᠬᠢᠯᠭᠠᠨ ᠬᠦᠷᠭᠡᠬᠦ ᠱᠤᠭᠤᠮ᠎ᠤᠨ ᠴᠠᠭᠳᠠᠨ ᠪᠠᠢᠴᠠᠭᠠᠯᠲᠠ 47 ᠲᠦᠮᠡᠨ ᠺᠢᠯᠣᠮᠧᠲᠷ᠎ᠢ ᠳᠠᠪᠠᠵᠤ᠂ ᠵᠠᠮ ᠱᠤᠭᠤᠮ᠎ᠤᠨ ᠴᠠᠭᠳᠠᠨ ᠪᠠᠢᠴᠠᠭᠠᠯᠲᠠ 1 ᠲᠦᠮᠡᠨ ᠺᠢᠯᠣᠮᠧᠲᠷ᠎ᠢ ᠳᠠᠪᠠᠪᠠ᠃ ᠳᠤᠤᠷ᠎ᠠ ᠠᠭᠠᠷ᠎ᠤᠨ ᠵᠢᠭᠤᠯᠴᠢᠯᠠᠯ᠂ ᠠᠭᠠᠷ᠎ᠤᠨ ᠠᠶᠠᠯᠠᠯ᠎ᠤᠨ ᠲᠠᠮᠢᠷ᠎ᠤᠨ ᠬᠥᠳᠡᠯᠭᠡᠭᠡᠨ᠂ ᠬᠣᠲᠠ᠎ᠶᠢᠨ ᠵᠠᠰᠠᠯᠲᠠ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ᠂ ᠣᠢᠷ᠎ᠠ ᠵᠠᠮ᠎ᠤᠨ ᠲᠡᠭᠡᠭᠡᠪᠦᠷᠢ ᠵᠡᠷᠭᠡ᠎ᠶᠢᠨ ᠪᠠᠢᠳᠠᠯ ᠦᠷᠭᠦᠯᠵᠢᠯᠡᠨ ᠥᠷᠭᠡᠳᠴᠦ᠂ ᠵᠠᠬ᠎ᠠ ᠳᠡᠯᠭᠡᠭᠦᠷ᠎ᠦᠨ ᠬᠡᠷᠡᠭᠴᠡᠭᠡ ᠦᠷᠭᠦᠯᠵᠢᠯᠡᠨ ᠢᠯᠡᠷᠡᠵᠦ᠂ ᠠᠵᠤ ᠦᠢᠯᠡᠰ᠎ᠦᠨ ᠤᠯᠠᠷᠢᠭᠤᠯᠤᠯᠳᠠ᠎ᠶᠢᠨ ᠬᠡᠲᠦ᠎ᠶᠢᠨ ᠲᠥᠯᠥᠪ ᠥᠷᠭᠡᠨ ᠠᠭᠤᠳᠠᠮ ᠪᠠᠢᠨ᠎ᠠ᠃



ᠥᠪᠥᠷ ᠮᠣᠩᠭᠣᠯ ᠤᠳᠤ ᠶᠠᠭ ᠳᠤᠤᠷ᠎ᠠ ᠠᠭᠠᠷ᠎ᠤᠨ ᠠᠵᠤ ᠠᠬᠤᠢ᠎ᠶᠢᠨ ᠠᠵᠤ ᠦᠢᠯᠡᠰ᠎ᠦᠨ ᠵᠢᠭ᠍ᠰᠠᠭᠠᠯ᠎ᠢ ᠢᠳᠡᠪᠬᠢᠲᠡᠢ ᠪᠠᠢᠭᠤᠯᠵᠤ ᠪᠠᠢᠨ᠎ᠠ᠃ ᠬᠥᠬᠡᠬᠣᠲᠠ ᠤᠷᠢᠳ ᠵᠢᠡᠷ ᠬᠡᠷᠡᠭᠵᠢᠭᠦᠯᠵᠦ ᠤᠷᠢᠳ ᠵᠢᠡᠷ ᠲᠤᠷᠰᠢᠵᠤ᠂ ᠰᠢᠨ᠎ᠡ ᠡᠨᠧᠷᠭᠢ᠂ ᠰᠢᠨ᠎ᠡ ᠮᠠᠲᠧᠷᠢᠶᠠᠯ᠂ ᠪᠣᠳᠣᠯᠲᠠ᠎ᠶᠢᠨ ᠬᠦᠴᠦᠨ ᠵᠡᠷᠭᠡ ᠠᠵᠤ ᠦᠢᠯᠡᠰ ᠪᠣᠯᠣᠨ ᠳᠤᠤᠷ᠎ᠠ ᠠᠭᠠᠷ᠎ᠤᠨ ᠠᠵᠤ ᠠᠬᠤᠢ᠎ᠶᠢᠨ ᠬᠠᠮᠵᠢᠯᠴᠠᠨ ᠬᠥᠭᠵᠢᠬᠦ᠎ᠶᠢ ᠠᠬᠢᠭᠤᠯᠵᠤ᠂ ᠳᠤᠤᠷ᠎ᠠ ᠠᠭᠠᠷ᠎ᠤᠨ ᠠᠵᠤ ᠠᠬᠤᠢ᠎ᠶᠢᠨ ᠠᠵᠤ ᠦᠢᠯᠡᠰ᠎ᠦᠨ ᠬᠦᠷᠢᠶᠡᠯᠡᠩ᠎ᠢ ᠫᠠᠢᠰᠠ ᠡᠯᠭᠦᠨ ᠪᠠᠢᠭᠤᠯᠵᠤ᠂ ᠲᠦᠷᠦᠯ ᠵᠦᠢᠯ᠎ᠢ ᠨᠠᠢᠳᠠᠪᠤᠷᠢᠵᠢᠭᠤᠯᠵᠦ ᠪᠠᠢᠨ᠎ᠠ᠃ ᠪᠤᠭᠤᠲᠤ᠂ ᠣᠷᠳᠣᠰ ᠡᠨᠧᠷᠭᠢ᠂ ᠰᠢᠨ᠎ᠡ ᠮᠠᠲᠧᠷᠢᠶᠠᠯ᠂ ᠲᠣᠨᠣᠭᠯᠠᠯ ᠦᠢᠯᠡᠳᠬᠦ ᠵᠡᠷᠭᠡ ᠳᠠᠪᠠᠭᠤᠯᠢᠭ᠋᠎ᠲᠠᠭᠠᠨ ᠲᠦᠰᠢᠭᠯᠡᠨ ᠵᠢᠯᠣᠭᠣᠴᠢ ᠦᠭᠡᠢ ᠨᠢᠰᠬᠡᠯ᠎ᠦᠨ ᠪᠦᠬᠦᠯᠢ ᠮᠠᠰᠢᠨ ᠵᠢᠴᠢ ᠵᠠᠩᠭᠢᠯᠠᠭ᠎ᠠ᠎ᠶᠢᠨ ᠰᠡᠯᠪᠢᠭ ᠲᠣᠨᠣᠭ᠎ᠤᠨ ᠦᠢᠯᠡᠳᠪᠦᠷᠢᠯᠡᠯ᠎ᠢ ᠭᠣᠣᠯᠳᠠᠯᠭ᠎ᠠ᠎ᠲᠠᠢ ᠬᠥᠭᠵᠢᠭᠦᠯᠵᠦ ᠪᠤᠢ᠃ ᠬᠥᠯᠥᠨ ᠪᠤᠢ᠍ᠢᠷ᠂ ᠰᠢᠯᠢ᠎ᠶᠢᠨ ᠭᠣᠣᠯ᠂ ᠠᠯᠠᠱᠠ ᠨᠢ ᠪᠠᠢᠭᠠᠯᠢ᠎ᠶᠢᠨ ᠨᠥᠬᠥᠴᠡᠯ᠎ᠦᠨ ᠳᠠᠪᠠᠭᠤᠯᠢᠭ᠋᠎ᠢᠶᠠᠷ᠎ᠢᠶᠠᠨ ᠠᠭᠠᠷ᠎ᠤᠨ ᠨᠢᠰᠦᠭᠦᠷ᠎ᠦᠨ ᠲᠤᠷᠰᠢᠨ ᠨᠢᠰᠬᠦ ᠪᠠᠢᠭᠠᠯᠢ᠎ᠶᠢᠨ ᠲᠤᠷᠰᠢᠯᠲᠠ᠎ᠶᠢᠨ ᠲᠠᠯᠠᠪᠤᠷ ᠪᠣᠯᠵᠤ᠂ ᠤᠯᠠᠨ ᠠᠵᠤ ᠠᠬᠤᠢᠯᠠᠯ᠎ᠤᠨ ᠨᠢᠰᠦᠯᠲᠡ᠎ᠶᠢ ᠰᠢᠯᠭᠠᠨ ᠪᠠᠢᠴᠠᠭᠠᠬᠤ ᠪᠠ ᠰᠢᠯᠭᠠᠨ ᠪᠠᠲᠤᠯᠠᠬᠤ ᠠᠵᠢᠯ᠎ᠢ ᠥᠷᠨᠢᠭᠦᠯᠬᠦ᠎ᠶᠢ ᠲᠠᠲᠠᠪᠠ᠃ ᠥᠪᠥᠷ ᠮᠣᠩᠭᠣᠯ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠵᠤ ᠳᠤᠤᠷ᠎ᠠ ᠠᠭᠠᠷ᠎ᠤᠨ ᠠᠵᠤ ᠠᠬᠤᠢ᠎ᠶᠢᠨ ᠭᠣᠣᠯᠯᠠᠬᠤ ᠥᠷᠢᠰᠦᠯᠳᠦᠬᠦ ᠬᠦᠴᠦᠨ᠎ᠢᠶᠡᠨ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠢᠨ᠎ᠠ᠃ ᠡᠨᠡ ᠵᠢᠯ ᠪᠥᠬᠥ ᠣᠷᠣᠨ᠎ᠤ ᠠᠩᠬᠠᠳᠠᠭ᠍ᠴᠢ ᠳᠤᠤᠷ᠎ᠠ ᠠᠭᠠᠷ᠎ᠤᠨ ᠠᠵᠤ ᠠᠬᠤᠢ᠎ᠶᠢᠨ ᠠᠺᠠᠳᠧᠮᠢᠴᠢ ᠶ᠋ᠢᠨ ᠠᠵᠢᠯ᠎ᠤᠨ ᠥᠷᠲᠡᠭᠡ ᠣᠷᠣᠨ᠎ᠤ ᠲᠥᠪ᠎ᠲᠦ ᠨᠤᠲᠤᠭᠰᠢᠵᠤ᠂ ᠠᠵᠤ ᠠᠬᠤᠢᠯᠠᠯ ᠶᠡᠬᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ ᠬᠠᠮᠵᠢᠯᠴᠠᠨ ᠰᠢᠨ᠎ᠡ᠎ᠶᠢ ᠡᠭᠦᠳᠬᠦ ᠰᠢᠰᠲᠧᠮ᠎ᠢ ᠲᠦᠷᠭᠡᠪᠴᠢᠯᠡᠨ ᠪᠣᠶ ᠪᠣᠯᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠦᠪᠦᠷ ᠮᠤᠨᠭᠭᠤᠯ᠎ᠤᠨ ᠡᠳᠦᠷ᠎ᠤᠨ ᠰᠤᠨᠢᠨ ᠤ᠋ ᠵᠢᠷᠬᠢᠶ᠎ᠠ ᠵᠢᠨ ᠳᠠᠪᠴᠠᠡᠭ
兼容浏览器的HTML页面