ᠲᠡᠷᠢᠭᠦᠨ ᠨᠢᠭᠤᠷ>ᠵᠢᠷᠭᠢᠶ᠎ᠡ>ᠵᠢᠭᠤᠯᠴᠢᠯᠠᠯ

2026-11-10 09:03:54

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠮᠠᠷᠭᠠᠰᠢ ᠡᠪᠦᠯ᠎ᠦᠨ ᠠᠭᠤᠷ ᠤᠷᠤᠨ᠎ᠠ᠂ ᠥᠪᠥᠷ ᠮᠣᠩᠭᠣᠯ᠎ᠤᠨ ᠴᠠᠰᠤ ᠮᠦᠰᠦᠨ᠎ᠤ ᠤᠯᠠᠷᠢᠯ ᠴᠤ᠌ ᠪᠣᠯᠵᠣᠯ ᠶᠣᠰᠣᠭᠠᠷ ᠬᠦᠷᠴᠦ ᠢᠷᠡᠯ᠎ᠡ!

2026 ᠣᠨ᠎ᠤ 11 ᠰᠠᠷ᠎ᠠ᠎ᠶᠢᠨ 7᠎ᠤ ᠡᠳᠦᠷ ︱ 2027 ᠣᠨ᠎ᠤ 3 ᠰᠠᠷ᠎ᠠ᠎ᠶᠢᠨ 31᠎ᠦ ᠡᠳᠦᠷ ᠪᠤᠯᠳᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠡᠴᠡ 2026 ︱ 2027 ᠣᠨ᠎ᠤ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠠᠶᠠᠰᠬᠤᠯᠠᠨᠭᠳᠤ ᠴᠠᠰᠤ ᠮᠦᠰᠦᠨ᠎ᠤ ᠬᠡᠷᠡᠭᠯᠡᠭᠡᠨ᠎ᠦ ᠲᠡᠮᠳᠡᠭᠲᠦ᠎ᠶᠢ ᠲᠠᠷᠬᠠᠭᠠᠬᠤ᠎ᠪᠠᠷ ᠪᠣᠶ᠃ ᠲᠣᠰ ᠤᠳᠠᠭᠠᠨ᠎ᠤ ᠬᠡᠷᠡᠭᠯᠡᠭᠡᠨ᠎ᠦ ᠲᠡᠮᠳᠡᠭᠲᠦ᠎ᠶᠢ ᠲᠠᠷᠬᠠᠭᠠᠬᠤ ᠪᠥᠬᠥ ᠬᠡᠮᠵᠢᠶ᠎ᠡ ᠨᠢ 500 ᠲᠦᠮᠡᠨ ᠲᠥᠭᠥᠷᠢᠭ ᠬᠦᠷᠦᠨ᠎ᠡ᠃

ᠪᠦᠬᠦ ᠤᠯᠤᠰ᠎ᠤᠨ ᠵᠢᠭᠤᠯᠴᠢᠯᠠᠭᠰᠠᠳ ᠪᠦᠷ ᠪᠢᠯᠧᠲ ᠠᠪᠬᠤ᠎ᠳᠤ ᠣᠷᠣᠯᠴᠠᠵᠤ ᠪᠣᠯᠣᠨ᠎ᠠ!



ᠬᠡᠷᠡᠭᠯᠡᠭᠡᠨ᠎ᠦ ᠲᠡᠮᠳᠡᠭᠲᠦ ᠨᠢ 7 ᠨᠤᠭᠤᠯᠬᠤ ᠬᠠᠷᠠᠭᠠᠯᠵᠠᠯ ᠦᠵᠡᠬᠦᠯᠵᠤ᠂ ᠭᠠᠭᠴᠠ ᠤᠳᠠᠭ᠎ᠠ  ᠶ᠋ᠢ 100 ᠲᠥᠭᠥᠷᠢᠭ ᠢ᠋ᠶ᠋ᠡᠷ ᠬᠢᠵᠠᠭᠠᠷᠯᠠᠨ᠎ᠠ᠂ ᠠᠵᠢᠯᠯᠠᠭ᠎ᠠ ᠶ᠋ᠢᠨ ᠡᠬᠢᠨ᠎ᠦ ᠡᠳᠦᠷ᠎ᠲᠦ ᠪᠦᠬᠦ ᠳᠤᠭ᠎ᠠ ᠪᠡᠷ ᠲᠠᠷᠬᠠᠭᠠᠨ᠎ᠠ᠂ ᠬᠡᠷᠡᠭᠯᠡᠭᠴᠢ ᠪᠦᠷᠢ ᠠᠵᠢᠯᠯᠠᠭ᠎ᠠ ᠶ᠋ᠢᠨ ᠬᠤᠭᠤᠴᠠᠭᠠᠨ᠎ᠳᠤ 10 ᠬᠡᠷᠡᠭᠯᠡᠭᠡᠨ᠎ᠦ ᠲᠡᠮᠳᠡᠭᠲᠦ ᠶ᠋ᠢ ᠠᠪᠴᠤ ᠪᠣᠯᠣᠨ᠎ᠠ᠂ ᠬᠡᠷᠡᠭᠯᠡᠭᠡᠨ᠎ᠦ ᠲᠡᠮᠳᠡᠭᠲᠦ ᠨᠢ ᠠᠪᠤᠭᠰᠠᠨ ᠡᠳᠦᠷ᠎ᠡᠴᠡ ᠡᠬᠢᠯᠡᠨ 3 ᠡᠳᠦᠷ᠎ᠦᠨ ᠳᠣᠲᠣᠷ᠎ᠠ ᠬᠦᠴᠦᠨ᠎ᠲᠠᠢ᠃

ᠬᠡᠷᠡᠭᠯᠡᠭᠡᠨ᠎ᠦ ᠲᠡᠮᠳᠡᠭᠲᠦ᠎ᠶᠢ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ A ᠲᠠᠰ ᠠ᠋ᠴᠠ ᠳᠡᠭᠡᠭᠰᠢᠬᠢ ᠰᠦᠢᠳᠬᠡᠯ ᠬᠤᠷᠢᠶᠠᠬᠤ ᠦᠵᠡᠮᠵᠢ᠎ᠶᠢᠨ ᠣᠷᠣᠨ᠂ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠭᠤᠯᠴᠢᠯᠠᠯ ᠰᠡᠯᠡᠬᠦᠴᠡᠯ᠎ᠤᠨ ᠣᠷᠣᠨ᠂ ᠴᠠᠨᠠᠯᠠᠯᠳᠠ ᠵᠢᠨ ᠵᠢᠭᠤᠯᠴᠢᠯᠠᠯ ᠰᠡᠯᠡᠬᠦᠴᠡᠯ᠎ᠤᠨ ᠭᠠᠵᠠᠷ (ᠴᠠᠨᠠᠯᠠᠯᠳᠠ ᠵᠢᠨ ᠲᠠᠯᠠᠪᠠᠶ)᠂ ᠲᠡᠰᠢᠯᠲᠡ᠎ᠶᠢᠨ ᠲᠠᠯᠠᠪᠠᠶ᠂ ᠴᠠᠰᠤ ᠮᠥᠰᠥᠨ᠎ᠤ ᠵᠤᠭ᠎ᠠ ᠴᠡᠩᠭᠡᠯ᠎ᠦᠨ ᠲᠥᠷᠥᠯ ᠵᠦᠢᠯ ᠵᠡᠷᠭᠡ ᠡᠯ᠎ᠡ ᠲᠥᠷᠥᠯ᠎ᠦᠨ ᠬᠡᠷᠡᠭᠯᠡᠭᠡᠨ᠎ᠦ ᠲᠠᠯᠠᠪᠤᠷ᠎ᠲᠤ ᠬᠡᠷᠡᠭᠯᠡᠵᠦ ᠪᠣᠯᠣᠨ᠎ᠠ᠃  ᠡᠭᠦᠳᠡᠨ ᠪᠢᠯᠧᠲ (ᠢᠵᠢ ᠪᠢᠯᠧᠲ)᠂ OTA ᠢᠵᠢ ᠦᠢᠯᠡᠴᠢᠯᠡᠭᠡᠨ᠎ᠦ ᠦᠢᠯᠡᠳᠬᠦᠨ᠂ ᠲᠣᠨᠣᠭ ᠲᠥᠬᠦᠭᠡᠷᠦᠮᠵᠢ ᠲᠦᠷᠢᠶᠡᠰᠦᠯᠡᠬᠦ᠂ ᠪᠡᠶ᠎ᠡ᠎ᠶᠢᠨ ᠲᠠᠮᠢᠷ᠎ᠤᠨ ᠪᠠᠭ᠍ᠰᠢ᠎ᠶᠢᠨ ᠪᠣᠯᠪᠠᠰᠤᠷᠠᠯ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠷᠢᠨ ᠴᠢᠳᠠᠮᠵᠢᠳᠤ ᠺᠠᠷᠲ ᠵᠡᠷᠭᠡ ᠰᠣᠶᠣᠯ ᠵᠢᠭᠤᠯᠴᠢᠯᠠᠯ᠎ᠤᠨ ᠪᠡᠶ᠎ᠡ᠎ᠶᠢᠨ ᠲᠠᠮᠢᠷ᠎ᠤᠨ ᠬᠡᠷᠡᠭᠯᠡᠭᠡᠨ᠎ᠦ ᠲᠥᠷᠥᠯ ᠵᠦᠢᠯ᠎ᠢ ᠴᠥᠮ ᠬᠠᠷᠠᠭᠠᠯᠵᠠᠯ᠎ᠳᠤ ᠣᠷᠣᠯᠴᠠᠭᠤᠯᠵᠤ ᠪᠣᠯᠣᠨ᠎ᠠ᠃



ᠡᠭᠦᠨ᠎ᠳᠦ ᠵᠢᠭᠤᠯᠴᠢᠯᠠᠭᠰᠠᠳ ᠶᠦᠨ ᠱᠠᠨ ᠹᠦ᠂《ᠥᠪᠥᠷ ᠮᠣᠩᠭᠣᠯ᠎ᠤᠨ i ᠠᠶᠠᠯᠠᠯ(i游内蒙古)》᠂《ᠡᠬᠦᠯᠡᠨ ᠳᠠᠪᠴᠠᠩ ᠵᠢᠠᠷ ᠥᠪᠥᠷ ᠮᠣᠩᠭᠣᠯ᠎ᠳ᠋ᠤ ᠠᠶᠠᠯᠠᠬᠤ(云游内蒙古)》 ᠵᠢᠵᠢᠭ ᠫᠷᠣᠭ᠌ᠷᠠᠮ ᠵᠡᠷᠭᠡ ᠣᠯᠠᠨ ᠠᠷᠭ᠎ᠠ ᠵᠠᠮ᠎ᠢᠶᠠᠷ ᠬᠡᠷᠡᠭᠯᠡᠭᠡᠨ᠎ᠤ ᠲᠡᠮᠳᠡᠭᠲᠦ᠎ᠠᠪᠬᠤ ᠳ᠋ᠤ ᠣᠷᠣᠯᠴᠠᠵᠤ ᠪᠣᠯᠣᠨ᠎ᠠ᠃

 ᠢᠷᠡᠯᠳᠡ᠄  ᠬᠦᠬᠡᠬᠤᠳᠠ ᠵᠢᠨ ᠬᠠᠮ ᠵᠠᠭᠤᠴᠢᠯᠠᠭᠤᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面