ᠲᠡᠷᠢᠭᠦᠨ ᠨᠢᠭᠤᠷ>ᠵᠢᠷᠭᠢᠶ᠎ᠡ>ᠵᠢᠭᠤᠯᠴᠢᠯᠠᠯ

2026-11-11 10:38:35

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

  ᠲᠦᠷᠦᠬᠦᠬᠡᠨ《ᠪᠠᠶᠠᠷ ᠪᠠᠶᠠᠰᠬᠤᠯᠠᠩᠲᠤ ᠴᠠᠰᠤ ᠮᠥᠰᠥᠨ᠎ᠤ ᠤᠯᠠᠷᠢᠯ    ᠠᠶᠠᠯᠭᠤᠳᠤ ᠵᠢᠭᠤᠯᠴᠢᠯᠠᠯ ᠥᠪᠥᠷ ᠮᠣᠩᠭᠣᠯ》 ᠵᠢᠡᠷ ᠭᠣᠣᠯ ᠰᠡᠳᠦᠪ ᠪᠣᠯᠭᠠᠭᠰᠠᠨ  2026 ︱ 2027 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠡᠬᠢᠯᠡᠯᠲᠡ᠎ᠶᠢᠨ ᠶᠣᠰᠣᠯᠠᠯ ᠬᠥᠯᠥᠨ ᠪᠣᠶ᠋ᠢᠷ᠎ᠤᠨ ᠬᠡᠭᠡᠨ ᠭᠣᠣᠯ ᠬᠣᠲᠠ᠎ᠶᠢᠨ ᠣᠯᠭᠣᠶᠠ᠎ᠳᠤ ᠶᠠᠪᠤᠭᠳᠠᠪᠠ᠃ ᠲᠣᠰ ᠤᠳᠠᠭᠠᠨ᠎ᠤ ᠠᠵᠢᠯᠯᠠᠭ᠎ᠠ ᠨᠢ 5 ᠰᠠᠷ᠎ᠠ᠎ᠶᠢᠨ ᠬᠤᠭᠤᠴᠠᠭ᠎ᠠ᠎ᠲᠠᠢ ᠥᠪᠥᠷ ᠮᠣᠩᠭᠣᠯ᠎ᠤᠨ ᠴᠠᠰᠤ ᠮᠥᠰᠥᠨ᠎ᠤ ᠵᠢᠭᠤᠯᠴᠢᠯᠠᠯ᠎ᠤᠨ ᠤᠯᠠᠷᠢᠯ ᠵᠢᠩᠬᠢᠨᠢ᠎ᠪᠡᠷ ᠡᠬᠢᠯᠡᠭᠰᠡᠨ᠎ᠢ ᠬᠠᠷᠠᠭᠤᠯᠵᠤ ᠪᠠᠢᠨ᠎ᠠ᠂ ᠪᠥᠬᠥ ᠣᠷᠣᠨ᠎ᠢᠶᠠᠷ᠎ᠢᠶᠠᠨ ᠡᠯ᠎ᠡ ᠠᠢᠮᠠᠭ ᠬᠣᠲᠠ᠎ᠶᠢᠨ ᠴᠠᠰᠤ ᠮᠥᠰᠥᠨ᠎ᠤ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠯᠡᠵᠦ᠂ ᠨᠡᠶ᠋ᠢᠲᠡ 338 ᠵᠦᠢᠯ᠎ᠦᠨ ᠴᠠᠰᠤ ᠮᠥᠰᠥᠨ᠎ᠤ ᠰᠣᠶᠣᠯ᠎ᠤᠨ ᠵᠢᠭᠤᠯᠴᠢᠯᠠᠯ᠎ᠤᠨ ᠠᠵᠢᠯᠯᠠᠭ᠎ᠠ᠂ 36 ᠵᠦᠢᠯ᠎ᠦᠨ ᠡᠪᠦᠯ᠎ᠦᠨ ᠤᠯᠠᠷᠢᠯ᠎ᠤᠨ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠭᠠᠷᠭᠠᠵᠤ᠂ ᠴᠠᠰᠤ ᠮᠥᠰᠥᠨ᠎ᠤ 《ᠬᠦᠢᠲᠡᠨ ᠡᠬᠢ ᠪᠠᠶᠠᠯᠢᠭ᠋》 ᠎ᠢ ᠰᠣᠶᠣᠯ᠎ᠤᠨ ᠵᠢᠭᠤᠯᠴᠢᠯᠠᠯ᠎ᠤᠨ《ᠬᠠᠯᠠᠭᠤᠨ ᠠᠵᠤ ᠦᠢᠯᠡᠰ》 ᠪᠣᠯᠭᠠᠨ ᠬᠤᠪᠢᠷᠠᠭᠤᠯᠬᠤ᠎ᠶᠢ ᠦᠷᠭᠦᠯᠵᠢᠯᠡᠨ ᠠᠬᠢᠭᠤᠯᠵᠤ᠂ ᠡᠪᠦᠯ᠎ᠦᠨ ᠤᠯᠠᠷᠢᠯ᠎ᠤᠨ ᠰᠣᠶᠣᠯ᠎ᠤᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦ ᠨᠡᠮᠡᠷᠢᠯᠡᠨ᠎ᠡ᠃

  ᠶᠣᠰᠣᠯᠠᠯ᠎ᠤᠨ ᠲᠤᠬᠠᠢ᠎ᠶᠢᠨ ᠲᠠᠯᠠᠪᠠᠢ᠎ᠳᠤ ᠳᠤᠬᠢᠷᠠᠭᠤᠯᠤᠬᠰᠠᠨ《ᠳᠤᠮᠳᠠᠳᠤ ᠤᠯᠤᠰ᠎ᠤᠨ ᠬᠦᠢᠲᠡᠨ᠎ᠤ ᠲᠤᠢᠯ᠎ᠤᠨ ᠰᠢᠤᠳᠠᠨ᠎ᠤ ᠲᠣᠪᠴᠢᠶ᠎ᠠ》᠂ ᠦᠨᠳᠦᠰᠦᠲᠡᠨ᠎ᠦ ᠬᠤᠪᠴᠠᠰᠤ ᠵᠠᠰᠠᠯ᠎ᠤᠨ ᠦᠵᠡᠭᠦᠯᠭᠡ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠪᠦᠳᠦᠭᠡᠯᠴᠢ ᠪᠦᠳᠦᠭᠡᠭᠳᠡᠬᠦᠨ᠎ᠤ ᠳᠡᠯᠭᠡᠨ ᠪᠣᠷᠣᠯᠠᠭᠤᠯᠤᠯᠲᠠ᠂ ᠣᠨᠴᠠᠯᠢᠭ᠍ᠲᠤ ᠢᠳᠡᠭᠡᠨ ᠵᠡᠷᠭᠡ ᠳᠤᠭᠤᠷᠢᠭ ᠨᠢ ᠬᠥᠮᠥᠰ᠎ᠦᠨ ᠠᠩᠬᠠᠷᠤᠯ᠎ᠢ ᠶᠡᠬᠡᠳᠡ ᠲᠠᠲᠠᠵᠤ᠂ ᠪᠦᠬᠦ ᠤᠯᠤᠰ᠎ᠤᠨ ᠡᠯ᠎ᠡ ᠭᠠᠵᠠᠷ᠎ᠠᠴᠠ ᠬᠦᠷᠦᠯᠴᠡᠨ ᠢᠷᠡᠭᠰᠡᠨ ᠵᠢᠭᠤᠯᠴᠢᠯᠠᠭᠰᠠᠳ᠎ᠲᠦ ᠬᠦᠢᠲᠡᠨ᠎ᠤ ᠲᠤᠢᠯ᠎ᠤᠨ ᠥᠪᠡᠷᠮᠢᠴᠡ ᠣᠨᠴᠠᠯᠢᠭᠳᠤ ᠰᠣᠶᠣᠯ ᠢᠷᠭᠡᠨᠰᠢᠯ᠎ᠢ  ᠰᠤᠨᠢᠷᠬᠠᠭᠤᠯᠪᠠ᠃

  ᠲᠣᠰ ᠤᠳᠠᠭᠠᠨ᠎ᠤ ᠥᠪᠥᠷ ᠮᠣᠩᠭᠣᠯ᠎ᠤᠨ ᠴᠠᠰᠤ ᠮᠥᠰᠥᠨ᠎ᠤ ᠵᠢᠭᠤᠯᠴᠢᠯᠠᠯ᠎ᠤᠨ ᠤᠯᠠᠷᠢᠯ ᠨᠢ 2026 ᠣᠨ᠎ᠤ 11 ᠰᠠᠷ᠎ᠠ᠎ᠠᠴᠠ 2027 ᠣᠨ᠎ᠤ 3 ᠰᠠᠷ᠎ᠠ ᠪᠣᠯᠲᠠᠯ᠎ᠠ ᠦᠷᠭᠦᠯᠵᠢᠯᠡᠬᠦ ᠪᠣᠯᠣᠨ᠎ᠠ᠃ ᠠᠵᠢᠯᠯᠠᠭ᠎ᠠ᠎ᠶᠢᠨ ᠬᠤᠭᠤᠴᠠᠭᠠᠨ᠎ᠳᠤ ᠪᠥᠬᠥ ᠣᠷᠣᠨ᠎ᠢᠶᠠᠷ᠎ᠢᠶᠠᠨ《ᠨᠢᠭᠡ ᠤᠯᠠᠷᠢᠯ᠎ᠳᠦ ᠨᠢᠭᠡ ᠭᠣᠣᠯ ᠰᠡᠳᠦᠪ᠂ ᠨᠢᠭᠡ ᠭᠠᠵᠠᠷ ᠎ᠤᠨ ᠨᠢᠭᠡ ᠣᠨᠴᠠᠯᠢᠭ᠋》᠎ᠤᠨ ᠪᠠᠢᠷᠢᠰᠢᠭᠤᠯᠤᠯᠲᠠ᠎ᠶᠢᠨ ᠶᠣᠰᠣᠭᠠᠷ᠂ ᠪᠠᠶᠠᠷ ᠪᠠᠶᠠᠰᠬᠤᠯᠠᠨᠭᠳᠤ ᠴᠠᠰᠤ ᠮᠥᠰᠥᠨ᠎ᠤ ᠤᠯᠠᠷᠢᠯ᠂ ᠴᠠᠰᠤ ᠮᠥᠰᠥᠨ᠎ᠤ ᠨᠠᠭᠠᠳᠤᠮ᠂ 《ᠶᠡᠬᠡ ᠬᠢᠩᠭᠠᠨ ᠳᠠᠪᠠᠭ᠎ᠠ᠎ᠶᠢᠨ ᠡᠪᠦᠯ》᠂ ᠳᠤᠮᠳᠠᠳᠤ ᠤᠯᠤᠰ᠎ᠤᠨ ᠬᠦᠢᠲᠡᠨ ᠎ᠤ ᠲᠤᠢᠯ ᠵᠡᠷᠭᠡ ᠭᠣᠣᠯ ᠪᠣᠯᠬᠤ ᠰᠣᠶᠣᠯ᠎ᠤᠨ ᠵᠢᠭᠤᠯᠴᠢᠯᠠᠯ᠎ᠤᠨ IP ᠶ᠋ᠢ ᠲᠦᠰᠢᠭᠯᠡᠨ᠂ ᠣᠯᠠᠨ ᠬᠡᠯᠪᠡᠷᠢ᠎ᠶᠢᠨ ᠣᠨᠴᠠᠯᠢᠭ᠋᠎ᠲᠠᠢ ᠠᠵᠢᠯᠯᠠᠭ᠎ᠠ ᠪᠠ ᠰᠣᠳᠣᠨ ᠵᠠᠮ ᠱᠤᠭᠤᠮ᠎ᠢ ᠡᠮᠬᠢᠯᠡᠨ ᠨᠡᠢᠯᠡᠭᠦᠯᠵᠦ᠂ ᠴᠠᠰᠤ ᠮᠦᠰᠦᠨ ᠎ᠤ ᠡᠬᠢ ᠪᠠᠶᠠᠯᠢᠭ᠎ᠢ ᠬᠡᠷᠡᠭᠯᠡᠬᠡᠨ᠎ᠤ ᠬᠦᠳᠡᠯᠬᠡᠬᠦ ᠬᠦᠴᠦᠨ ᠪᠤᠯᠭᠠᠨ ᠬᠤᠪᠢᠷᠠᠭᠤᠯᠬᠤ ᠵᠢ ᠠᠬᠢᠭᠤᠯᠤᠨ᠎ᠠ᠃

 

           ᠢᠷᠡᠯᠳᠡ᠄ ᠰᠢᠨᠬᠤᠸᠠ ᠰᠦᠯᠵᠢᠶ᠎ᠡ 


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面