2026-11-27 16:51:53
11 ᠰᠠᠷ᠎ᠠ᠎ᠶᠢᠨ 25 ᠤ ᠡᠳᠦᠷ᠂ ᠬᠣᠷᠢᠨ ᠨᠢᠭᠡᠳᠦᠭᠡᠷ ᠬᠤᠭᠤᠴᠠᠭᠠᠨ᠎ᠤ ᠷᠠᠰᠢᠶᠠᠨ᠎ᠤ ᠴᠠᠰᠤ ᠮᠦᠰᠦᠨ᠎ᠤ ᠨᠠᠢᠷ ᠵᠢᠴᠢ 《ᠰᠠᠢᠨ ᠦᠦ ! ᠳᠤᠮᠳᠠᠳᠤ ᠤᠯᠤᠰ》 — 2027 ᠣᠨ᠎ᠤ ᠴᠠᠰᠤ ᠮᠦᠰᠦᠨ᠎ᠤ ᠭᠣᠣᠯ ᠰᠡᠳᠦᠪᠲᠦ ᠵᠢᠭᠤᠯᠴᠢᠯᠠᠯ᠎ᠤᠨ ᠭᠠᠳᠠᠭᠠᠳᠤ᠎ᠳᠤ ᠳᠡᠯᠭᠡᠷᠡᠭᠦᠯᠬᠦ ᠠᠵᠢᠯᠯᠠᠭ᠎ᠠ ᠬᠢᠩᠭᠠᠨ ᠠᠢᠮᠠᠭ᠎ᠤᠨ ᠷᠠᠰᠢᠶᠠᠨ ᠬᠣᠲᠠ᠎ᠳᠤ ᠡᠬᠢᠯᠡᠪᠡ᠃ ᠡᠨᠡ ᠤᠳᠠᠭᠠᠨ᠎ᠤ ᠴᠠᠰᠤ ᠮᠥᠰᠥ᠎ᠪᠠᠷ ᠬᠣᠯᠪᠣᠭᠠᠰᠤ ᠪᠣᠯᠭᠠᠭᠰᠠᠨ ᠰᠣᠶᠣᠯ ᠵᠢᠭᠤᠯᠴᠢᠯᠠᠯ᠎ᠤᠨ ᠦᠪᠡᠳᠡᠭᠰᠢ ᠴᠤᠭᠯᠠᠭᠠᠨ ᠨᠢ ᠳᠤᠮᠳᠠᠳᠤ ᠭᠠᠳᠠᠭᠠᠳᠤ᠎ᠶᠢᠨ ᠰᠣᠶᠣᠯ ᠵᠢᠭᠤᠯᠴᠢᠯᠠᠯ᠎ᠤᠨ ᠶᠠᠷᠢᠯᠴᠠᠭᠠᠨ᠎ᠤ ᠬᠥᠭᠥᠷᠭᠡ ᠬᠣᠯᠪᠣᠭᠠᠰᠤ᠎ᠶᠢ ᠪᠠᠢᠭᠤᠯᠵᠤ᠂ ᠷᠠᠰᠢᠶᠠᠨ᠎ᠤ ᠴᠠᠰᠤ ᠮᠦᠰᠦᠨ᠎ᠤ ᠰᠣᠶᠣᠯ ᠵᠢᠭᠤᠯᠴᠢᠯᠠᠯ᠎ᠤᠨ ᠥᠪᠡᠷᠮᠢᠴᠡ ᠷᠢᠳᠢ ᠰᠢᠳᠢ᠎ᠶᠢ ᠪᠥᠬᠥ ᠲᠠᠯ᠎ᠠ᠎ᠪᠠᠷ ᠳᠡᠯᠭᠡᠨ ᠦᠵᠡᠭᠦᠯᠦᠨ᠎ᠡ᠃

ᠲᠣᠰ ᠤᠳᠠᠭᠠᠨ᠎ᠤ ᠠᠵᠢᠯᠯᠠᠭ᠎ᠠ᠎ᠶᠢ ᠳᠤᠮᠳᠠᠳᠤ ᠭᠠᠳᠠᠭᠠᠳᠤ᠎ᠶᠢᠨ ᠰᠣᠶᠣᠯ ᠪᠠ ᠵᠢᠭᠤᠯᠴᠢᠯᠠᠯ᠎ᠤᠨ ᠰᠣᠯᠢᠯᠴᠠᠭᠠᠨ᠎ᠤ ᠲᠥᠪ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠢᠩᠭᠠᠨ ᠠᠢᠮᠠᠭ᠎ᠤᠨ ᠬᠣᠷᠢᠶ᠎ᠠ᠂ ᠬᠢᠩᠭᠠᠨ ᠠᠢᠮᠠᠭ᠎ᠤᠨ ᠵᠠᠬᠢᠷᠭ᠎ᠠ ᠡᠴᠡ ᠬᠠᠮᠲᠤᠷᠠᠨ ᠡᠷᠭᠢᠯᠡᠵᠦ᠂ 《ᠰᠠᠢᠨ ᠦᠦ!ᠳᠤᠮᠳᠠᠳᠤ ᠤᠯᠤᠰ ᠷᠠᠰᠢᠶᠠᠨᠢ ᠳᠡᠯᠡᠬᠡᠢ ᠳ᠋ᠠᠬᠢᠨ᠎ᠳᠤ ᠲᠠᠨᠢᠭᠤᠯᠤᠨ᠎ᠠ》 ᠪᠡᠷ ᠭᠣᠣᠯ ᠰᠡᠳᠦᠪ ᠪᠣᠯᠭᠠᠵᠤ᠂ ᠳᠤᠮᠳᠠᠳᠤ ᠤᠯᠤᠰ᠎ᠲᠤ ᠰᠠᠭᠤᠭ᠎ᠠ ᠤᠯᠠᠨ ᠤᠯᠤᠰ᠎ᠤᠨ ᠡᠯᠴᠢᠨ ᠰᠠᠢᠳ᠎ᠤᠨ ᠶᠠᠮᠤᠨ᠎ᠤ ᠲᠥᠯᠥᠭᠡᠯᠡᠭᠴᠢ᠂ ᠬᠢᠯᠢ᠎ᠶᠢᠨ ᠭᠠᠳᠠᠨᠠᠬᠢ ᠵᠢᠭᠤᠯᠴᠢᠯᠠᠯ᠎ᠤᠨ ᠬᠤᠳᠠᠯᠳᠤᠭᠠᠴᠢᠨ᠂ ᠰᠣᠶᠣᠯ ᠵᠢᠭᠤᠯᠴᠢᠯᠠᠯ᠎ᠤᠨ ᠨᠡᠷᠡᠳᠦ ᠬᠦᠮᠦᠰ ᠵᠢᠴᠢ ᠰᠢᠶᠠᠩᠭᠠᠩ ᠣᠣᠮᠧᠨ ᠣᠷᠣᠨ᠎ᠤ ᠰᠣᠶᠣᠯ ᠵᠢᠭᠤᠯᠴᠢᠯᠠᠯ᠎ᠤᠨ ᠲᠤᠬᠠᠢᠯᠠᠬᠰᠠᠨ ᠠᠵᠢᠯ ᠬᠢᠵᠦ ᠪᠠᠢᠭ᠎ᠠ ᠬᠥᠮᠥᠰ ᠷᠠᠰᠢᠶᠠᠨ ᠳ᠋ᠦ ᠴᠤᠭᠯᠠᠷᠠᠵᠤ᠂ ᠴᠠᠰᠤ ᠮᠦᠰᠦᠨ᠎ᠤ ᠦᠪᠡᠳᠡᠭᠰᠢ ᠴᠤᠭᠯᠠᠭᠠᠨ᠎ᠳᠤ ᠬᠠᠮᠲᠤ᠎ᠪᠠᠷ ᠤᠷᠤᠯᠴᠠᠨ ᠬᠠᠮᠲᠤᠷᠠᠯᠴᠠᠨ ᠬᠥᠭᠵᠢᠬᠦ ᠲᠤᠬᠠᠢ ᠬᠠᠮᠲᠤ ᠪᠠᠷ ᠵᠥᠪᠳᠡᠯᠴᠡᠪᠡ᠃

ᠡᠬᠢᠯᠡᠯᠲᠡ᠎ᠶᠢᠨ ᠶᠣᠰᠣᠯᠠᠯ ᠳᠡᠭᠡᠷ᠎ᠡ᠂ 《ᠳᠡᠯᠡᠬᠡᠢ ᠳᠠᠶᠠᠭᠠᠷ ᠰᠠᠢᠨ ᠪᠠᠢᠨ᠎ᠠ ᠦᠦ᠂ ᠡᠨᠡ ᠪᠣᠯ ᠷᠠᠰᠢᠶᠠᠨ》 ᠭᠡᠬᠦ ᠷᠠᠰᠢᠶᠠᠨ᠎ᠤ ᠤᠯᠠᠨ ᠤᠯᠤᠰ᠎ᠤᠨ ᠰᠣᠶᠣᠯ ᠵᠢᠭᠤᠯᠴᠢᠯᠠᠯ᠎ᠤᠨ ᠤᠬᠠᠭᠤᠯᠭ᠎ᠠ᠎ᠶᠢᠨ ᠹᠢᠯᠢᠮ᠎ᠢ ᠪᠦᠬᠦ ᠪᠥᠮᠪᠥᠷᠴᠡᠭ᠎ᠲᠦ ᠠᠩᠬ᠎ᠠ ᠲᠠᠷᠬᠠᠭᠠᠵᠤ᠂ ᠳᠡᠯᠡᠬᠡᠢᠴᠢᠯᠡᠭᠰᠡᠨ ᠬᠠᠷᠠᠭᠠᠰᠤ ᠡᠴᠡ ᠷᠠᠰᠢᠶᠠᠨ ᠬᠤᠳᠠ᠎ᠶᠢᠨ ᠨᠡᠷ᠎ᠡ᠎ᠶᠢᠨ ᠬᠠᠭᠤᠳᠠᠰᠤ᠎ᠶᠢ ᠭᠠᠳᠠᠭ᠍ᠰᠢ ᠤᠬᠠᠭᠤᠯᠪᠠ; ᠬᠣᠶᠠᠷ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠴᠢᠯᠦᠭᠡᠲᠦ ᠮᠠᠶᠢᠭ᠋᠎ᠤᠨ ᠴᠠᠨᠠᠯᠠᠯᠲᠠ ᠵᠢᠨ ᠡᠮᠡᠭᠲᠡᠢ᠎ᠶᠢᠨ ᠤᠬᠲᠠᠷᠭᠤᠢ ᠵᠢᠨ ᠤᠷ᠎ᠠ ᠮᠡᠷᠭᠡᠵᠢᠯ᠎ᠦᠨ ᠮᠠᠩᠯᠠᠢ ᠰᠢᠦᠢ ᠮᠧᠩ ᠲᠤᠤ《ᠷᠠᠰᠢᠶᠠᠨ᠎ᠤ ᠴᠠᠰᠤ ᠮᠦᠰᠦᠨ᠎ᠤ ᠵᠢᠭᠤᠯᠴᠢᠯᠠᠯ᠎ᠢ ᠳᠡᠯᠭᠡᠷᠡᠭᠦᠯᠬᠦ ᠡᠯᠴᠢᠨ ᠰᠠᠢᠳ》᠎ᠤᠨ ᠲᠤᠰᠢᠶᠠᠯ᠎ᠢ ᠡᠭᠦᠷᠭᠡᠯᠡᠪᠡ; ᠰᠣᠶᠣᠯ ᠵᠢᠭᠤᠯᠴᠢᠯᠠᠯ᠎ᠤᠨ ᠠᠵᠤ ᠦᠢᠯᠡᠰ᠂ ᠵᠠᠬ᠎ᠠ ᠳᠡᠯᠭᠡᠭᠦᠷ᠎ᠦᠨ ᠳᠠᠮᠵᠢᠭᠤᠯᠭ᠎ᠠ᠂ ᠡᠵᠡᠩᠨᠡᠯᠲᠡ᠎ᠶᠢᠨ ᠬᠡᠯᠪᠡᠷᠢ᠎ᠶᠢᠨ ᠰᠢᠨ᠎ᠡ᠎ᠶᠢ ᠡᠭᠦᠳᠬᠦ ᠵᠡᠷᠭᠡ ᠬᠦᠷᠢᠶᠡᠨ᠎ᠳᠡᠬᠢ ᠲᠤᠰᠬᠠᠢ ᠮᠡᠷᠭᠡᠵᠢᠯᠲᠡᠨ ᠡᠷᠳᠡᠮᠲᠡᠳ ᠷᠠᠰᠢᠶᠠᠨ᠎ᠤ ᠴᠠᠰᠤ ᠮᠦᠰᠦᠨ᠎ᠤ ᠰᠣᠶᠣᠯ ᠵᠢᠭᠤᠯᠴᠢᠯᠠᠯ᠎ᠤᠨ ᠴᠢᠨᠠᠷ ᠰᠠᠢᠲᠠᠢ ᠬᠥᠭᠵᠢᠯᠲᠡ᠎ᠶᠢᠨ ᠲᠣᠭᠣᠷᠢᠨ᠎ᠳᠤ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠲᠡᠪᠰᠢᠭᠦᠯᠪᠡ᠃


ᠷᠠᠰᠢᠶᠠᠨ ᠨᠢ ᠴᠠᠰᠤ ᠮᠥᠰᠥ᠂ ᠬᠠᠯᠠᠭᠤᠨ ᠷᠠᠰᠢᠶᠠᠨ᠂ ᠭᠠᠯᠲᠤ ᠠᠭᠤᠯᠠ᠂ ᠣᠶ ᠰᠢᠭᠤᠢ᠂ ᠬᠢᠯᠢ ᠬᠢᠵᠠᠭᠠᠷ ᠵᠡᠷᠭᠡ ᠣᠯᠠᠨ ᠡᠰᠢᠲᠦ ᠡᠬᠢ ᠪᠠᠶᠠᠯᠢᠭ᠋᠎ᠢ ᠨᠢᠭᠡ ᠴᠣᠭᠴᠠᠵᠢᠭᠤᠯᠵᠤ᠂ ᠤᠯᠤᠰ᠎ᠤᠨ ᠲᠠᠰ᠎ᠤᠨ ᠵᠢᠭᠤᠯᠴᠢᠯᠠᠯ ᠠᠮᠠᠷᠠᠯᠲᠠ᠎ᠶᠢᠨ ᠣᠷᠣᠨ ᠪᠠᠢᠵᠤ᠂ 《ᠳᠤᠮᠳᠠᠳᠤ ᠤᠯᠤᠰ᠎ᠤᠨ ᠬᠠᠯᠠᠭᠤᠨ ᠷᠠᠰᠢᠶᠠᠨ᠎ᠤ ᠨᠤᠲᠤᠭ》 ᠬᠡᠮᠡᠭᠳᠡᠭᠰᠡᠨ ᠪᠥᠭᠡᠳ ᠤᠯᠤᠰ᠎ᠤᠨ ᠴᠠᠰᠤ ᠮᠦᠰᠦᠨ᠎ᠤ ᠲᠠᠮᠢᠷ᠎ᠤᠨ ᠬᠥᠳᠡᠯᠭᠡᠭᠡᠨ᠎ᠦ ᠡᠪᠦᠯ᠎ᠦᠨ ᠪᠣᠯᠪᠠᠰᠤᠷᠠᠯ᠎ᠤᠨ ᠰᠠᠭᠤᠷᠢᠨ ᠪᠣᠯᠣᠨ᠎ᠠ᠃ ᠲᠣᠰ ᠬᠤᠭᠤᠴᠠᠭᠠᠨ᠎ᠤ ᠷᠠᠰᠢᠶᠠᠨ᠎ᠤ ᠴᠠᠰᠤ ᠮᠦᠰᠦᠨ᠎ᠤ ᠨᠠᠢᠷ ᠪᠠᠰᠠ ᠠᠷᠪᠠᠨ ᠬᠣᠶᠠᠷ ᠶᠡᠬᠡ ᠴᠠᠰᠤ ᠮᠦᠰᠦᠨ᠎ᠤ ᠰᠢᠷᠢᠰ ᠠᠵᠢᠯᠯᠠᠭ᠎ᠠ᠂ ᠠᠷᠪᠠᠨ ᠶᠡᠬᠡ ᠴᠠᠰᠤ ᠮᠦᠰᠦᠨ᠎ᠤ ᠵᠢᠭᠤᠯᠴᠢᠯᠠᠯ᠎ᠤᠨ ᠦᠢᠯᠡᠳᠬᠦᠨ ᠵᠢᠴᠢ ᠵᠢᠷᠭᠤᠭᠠᠨ ᠶᠡᠬᠡ ᠰᠣᠳᠣᠨ ᠵᠢᠭᠤᠯᠴᠢᠯᠠᠯ᠎ᠤᠨ ᠱᠤᠭᠤᠮ᠎ᠢ ᠳᠤᠬᠢᠷᠠᠭᠤᠯᠵᠤ᠂ ᠷᠠᠰᠢᠶᠠᠨ᠎ᠤ ᠣᠯᠠᠨ ᠤᠯᠤᠰ᠎ᠤᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠡᠯᠡᠬᠡᠢᠵᠢᠭᠰᠡᠨ ᠴᠠᠰᠤ ᠮᠦᠰᠦᠨ᠎ᠤ ᠵᠢᠭᠤᠯᠴᠢᠯᠠᠯ᠎ᠤᠨ ᠬᠠᠷᠠᠯᠳᠠᠳᠤ ᠭᠠᠵᠠᠷ᠎ᠢ ᠲᠦᠷᠭᠡᠳᠬᠡᠨ ᠴᠣᠭᠴᠠᠯᠠᠬᠤ ᠪᠤᠯᠤᠨ᠎ᠠ᠃


ᠢᠷᠡᠯᠲᠡ᠄ ᠲᠠᠯ᠎ᠠ ᠨᠤᠲᠤᠬ᠎ᠤᠨ ᠡᠭᠦᠯᠡ ᠰᠢᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃