ᠲᠡᠷᠢᠭᠦᠨ ᠨᠢᠭᠤᠷ>ᠵᠢᠷᠭᠢᠶ᠎ᠡ>ᠠᠮᠢ ᠠᠬᠤᠢ

2026-10-15 17:05:45

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ ᠥᠪᠥᠷ ᠮᠣᠩᠭᠣᠯ 2026 ᠣᠨ᠎ᠤ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠡᠭᠦᠷᠭᠡ 1500.5 ᠲᠦᠮᠡᠨ ᠮᠦ᠍ ᠪᠠᠢᠵᠤ᠂ ᠡᠨᠡ ᠵᠢᠯ᠎ᠦᠨ ᠲᠦᠷᠦᠭᠦᠸ᠋ ᠭᠤᠷᠪᠠᠨ ᠤᠯᠠᠷᠢᠯ᠎ᠳᠤ 1684.74 ᠲᠦᠮᠡᠨ ᠮᠦ᠍ ᠰᠡᠷᠬᠡᠢᠯᠡᠨ ᠵᠠᠰᠠᠵᠦ᠂ ᠣᠨ᠎ᠤ ᠡᠭᠦᠷᠭᠡ᠎ᠪᠡᠨ 112.28% ᠪᠡᠷ ᠪᠡᠶᠡᠯᠡᠬᠦᠯᠵᠦ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠣᠭᠰᠠᠨ ᠪᠠᠢᠨ᠎ᠠ᠃

ᠥᠪᠥᠷ ᠮᠣᠩᠭᠣᠯ ᠪᠣᠯ ᠪᠥᠬᠥ ᠤᠯᠤᠰ᠎ᠤᠨ ᠴᠦᠯᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠬᠠᠮᠤᠭ᠎ᠤᠨ ᠲᠥᠪᠯᠡᠷᠡᠭᠰᠡᠨ᠂ ᠬᠣᠣᠷ ᠬᠥᠨᠥᠭᠡᠯ ᠵᠢᠡᠷ ᠬᠠᠮᠤᠭ᠎ᠤᠨ ᠬᠦᠨᠳᠦ ᠨᠣᠴᠢᠲᠠᠢ ᠮᠤᠵᠢ ᠣᠷᠣᠨ᠎ᠤ ᠨᠢᠭᠡ ᠪᠠᠢᠵᠤ᠂ ᠪᠠᠳᠠᠢ᠎ᠶᠢᠨ ᠵᠢᠷᠠᠨ᠂ ᠲᠡᠭᠷᠢ ᠡᠯᠡᠰᠦ᠂ ᠤᠯᠠᠭᠠᠨᠪᠦᠬ᠎ᠠ᠂ ᠬᠥᠪᠴᠢ᠎ᠶᠢᠨ ᠡᠯᠡᠰᠦ ᠵᠡᠷᠭᠡ ᠳᠥᠷᠪᠡᠨ ᠶᠡᠬᠡ ᠡᠯᠡᠰᠦᠨ ᠴᠥᠯ ᠪᠠ ᠮᠤᠤᠠᠤᠰᠤ᠂ ᠬᠤᠯᠠᠨ ᠰᠢᠷᠭ᠎ᠠ ᠳᠠᠭ᠎ᠠ᠂ ᠬᠣᠷᠴᠢᠨ᠂ ᠬᠥᠯᠥᠨ ᠪᠣᠶ᠋ᠢᠷ ᠵᠡᠷᠭᠡ ᠳᠥᠷᠪᠡᠨ ᠶᠡᠬᠡ ᠡᠯᠡᠰᠦᠷᠬᠡᠭ ᠭᠠᠵᠠᠷ ᠲᠠᠢ ᠪᠠᠢᠳᠠᠭ᠃

ᠡᠨᠡ ᠵᠢᠯ ᠥᠪᠥᠷ ᠮᠣᠩᠭᠣᠯ 《ᠤᠮᠠᠷᠠᠲᠤ᠎ᠶᠢᠨ ᠭᠤᠷᠪᠠᠨ ᠣᠷᠣᠨ》᠎ᠤ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠰᠠᠢᠲᠤᠷ ᠬᠢᠵᠦ᠂  ᠬᠦᠴᠦᠨ᠎ᠢᠶᠡᠨ ᠲᠥᠪᠯᠡᠷᠡᠭᠦᠯᠦᠨ ᠨᠢᠭᠡ ᠪᠦᠯᠦᠭ ᠭᠣᠣᠯᠳᠠᠯᠭ᠎ᠠ᠎ᠲᠠᠢ ᠢᠨᠵᠧᠨᠧᠷᠢᠩ᠎ᠢ ᠬᠡᠷᠡᠭᠵᠢᠭᠦᠯᠵᠦ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠠᠵᠢᠯ᠎ᠤᠨ ᠬᠤᠷᠳᠤᠴᠠ᠎ᠶᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠪᠠ᠃ ᠡᠭᠦᠨ᠎ᠳᠦ᠂ ᠬᠠᠲᠤᠨ ᠭᠣᠣᠯ᠎ᠤᠨ 《ᠶᠡᠬᠡ ᠲᠤᠬᠤᠢ》 ᠶ᠋ᠢᠨ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠣᠷᠣᠨ ᠪᠦᠰᠡ᠎ᠳᠦ ᠠᠯᠠᠱᠠ ᠠᠭᠤᠯᠠ  ᠠ᠋ᠴᠠ ᠮᠤᠨᠢ ᠠᠭᠤᠯᠠ ᠬᠦᠷᠲᠡᠯᠡᠬᠢ ᠬᠠᠲᠤᠨ ᠭᠣᠣᠯ᠎ᠤᠨ ᠬᠣᠶᠠᠷ ᠡᠷᠭᠢ᠎ᠶᠢᠨ 180 ᠺᠢᠯᠣᠮᠧᠲᠷ᠎ᠦᠨ ᠨᠡᠭᠦᠳᠡᠯ ᠡᠯᠡᠰᠦ᠎ᠶᠢ ᠰᠢᠰᠲᠧᠮ᠎ᠲᠠᠢ ᠵᠠᠰᠠᠬᠤ ᠵᠡᠷᠭᠡ ᠢᠨᠵᠧᠨᠧᠷᠢᠩ᠎ᠢ ᠭᠣᠣᠯᠳᠠᠯᠭ᠎ᠠ᠎ᠲᠠᠢ ᠬᠡᠷᠡᠭᠵᠢᠭᠦᠯᠪᠡ; ᠬᠣᠷᠴᠢᠨ ᠪᠣᠯᠣᠨ ᠬᠤᠯᠠᠨ ᠰᠢᠷᠭ᠎ᠠ ᠳᠠᠭ᠎ᠠ᠎ᠶᠢᠨ ᠡᠯᠡᠰᠦᠷᠬᠡᠭ ᠭᠠᠵᠠᠷ᠎ᠤᠨ ᠰᠥᠨᠥᠭᠡᠬᠦ ᠳᠠᠢᠯᠠᠯᠳᠤᠭᠠᠨ᠎ᠤ ᠣᠷᠣᠨ᠎ᠳᠤ ᠬᠤᠯᠠᠨ ᠰᠢᠷᠭ᠎ᠠ ᠳᠠᠭ᠎ᠠ᠎ᠶᠢᠨ ᠡᠯᠡᠰᠦᠷᠬᠡᠭ ᠭᠠᠵᠠᠷ᠎ᠤᠨ ᠡᠮᠦᠨ᠎ᠡ ᠵᠠᠬ᠎ᠠ᠎ᠶᠢ ᠵᠠᠰᠠᠬᠤ ᠵᠡᠷᠭᠡ ᠢᠨᠵᠧᠨᠧᠷᠢᠩ᠎ᠢ ᠭᠣᠣᠯᠳᠠᠯᠭ᠎ᠠ᠎ᠲᠠᠢ ᠬᠡᠷᠡᠭᠵᠢᠭᠦᠯᠪᠡ; ᠾᠸᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠦᠯ᠎ᠦᠨ ᠵᠠᠬ᠎ᠠ᠎ᠶᠢᠨ ᠬᠣᠷᠢᠭ᠍ᠯᠠᠨ ᠴᠣᠬᠢᠬᠤ ᠳᠠᠢᠯᠠᠯᠳᠤᠭᠠᠨ᠎ᠤ ᠣᠷᠣᠨ ᠪᠦᠰᠡ᠎ᠳᠦ ᠪᠠᠳᠠᠢ᠎ᠶᠢᠨ ᠵᠢᠷᠠᠨ᠎ᠢ ᠪᠡᠬᠢᠵᠢᠭᠦᠯᠬᠦ᠂ ᠲᠡᠭᠷᠢ ᠡᠯᠡᠰᠦᠨ ᠴᠦᠯ᠎ᠦᠨ ᠬᠥᠪᠡᠭᠡ᠎ᠶᠢ ᠡᠮᠵᠢᠶᠡᠷᠢᠯᠡᠬᠦ ᠵᠡᠷᠭᠡ ᠢᠨᠵᠧᠨᠧᠷᠢᠩ᠎ᠢ ᠭᠣᠣᠯᠳᠠᠯᠭ᠎ᠠ᠎ᠲᠠᠢ ᠬᠡᠷᠡᠭᠵᠢᠭᠦᠯᠪᠡ᠃

ᠡᠯᠡᠰᠦ᠎ᠶᠢ ᠵᠠᠰᠠᠬᠤ ᠶᠠᠰᠤ ᠴᠢᠨᠠᠷ ᠦᠷ᠎ᠡ ᠠᠰᠢᠭ᠋᠎ᠢ ᠳᠡᠭᠡᠭᠰᠢᠯᠡᠭᠦᠯᠬᠦ᠎ᠶᠢᠨ ᠲᠥᠯᠥᠭᠡ᠂ ᠥᠪᠥᠷ ᠮᠣᠩᠭᠣᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠡᠯᠡᠰᠦ᠎ᠶᠢ ᠵᠠᠰᠠᠬᠤ᠎ᠶᠢ ᠪᠠᠷᠢᠮᠲᠠᠯᠠᠪᠠ᠃ ᠠᠯᠠᠱᠠ ᠠᠢᠮᠠᠭ᠎ᠤᠨ ᠲᠡᠭᠷᠢ ᠡᠯᠡᠰᠦᠨ ᠴᠦᠯ᠎ᠦᠨ ᠵᠡᠭᠦᠨ ᠡᠮᠦᠨ᠎ᠡ ᠵᠠᠬ᠎ᠠ᠎ᠳᠤ᠂ ᠤᠯᠠᠨ ᠡᠬᠢᠲᠦ ᠣᠶᠤᠨᠴᠢᠯᠠᠭᠰᠠᠨ ᠬᠢᠨᠠᠨ ᠬᠡᠮᠵᠢᠬᠦ ᠰᠢᠰᠲ᠋ᠸᠮ ᠵᠢᠡᠷ ᠪᠦᠬᠦ ᠲᠠᠯ᠎ᠠ᠎ᠶᠢᠨ᠂ ᠪᠦᠬᠦᠯᠢ ᠡᠳᠦᠷ᠎ᠦᠨ ᠠᠮᠢ ᠠᠬᠤᠢ᠎ᠶᠢᠨ ᠬᠢᠨᠠᠨ ᠬᠡᠮᠵᠢᠬᠦ ᠰᠢᠰᠲ᠋ᠸᠮ᠎ᠢ ᠪᠠᠢᠭᠤᠯᠵᠤ᠂ ᠠᠦ᠋ᠲ᠋ᠣ᠋ ᠴᠠᠭ ᠠᠭᠤᠷ᠎ᠤᠨ ᠦᠷᠳᠡᠭᠡ᠂ ᠬᠤᠷᠠᠮᠳᠤᠯ ᠡᠯᠡᠰᠦ ᠵᠢᠨ ᠬᠡᠮᠵᠢᠭᠦᠷᠯᠢᠭ᠂ ᠵᠢᠯᠣᠭᠣᠴᠢ ᠦᠭᠡᠢ ᠨᠢᠰᠬᠡᠯ᠎ᠦᠨ ᠠᠭᠠᠷ᠎ᠤᠨ ᠬᠡᠮᠵᠢᠯᠲᠡ ᠵᠡᠷᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠷᠭ᠎ᠠ ᠪᠠᠷᠢᠯ᠎ᠢᠶᠠᠷ ᠡᠯᠡᠰᠦ᠎ᠶᠢ ᠵᠠᠰᠠᠵᠤ᠂ ᠲᠦᠷᠦ᠎ᠶᠢᠨ ᠪᠣᠳᠣᠯᠭ᠎ᠠ ᠵᠢ ᠤᠨᠢᠨ ᠳᠡᠭᠡᠷ᠎ᠡ ᠨᠢ ᠬᠡᠷᠡᠭᠵᠢᠭᠦᠯᠬᠦ᠎ᠳᠦ ᠲᠣᠭ᠎ᠠ ᠪᠠᠷᠢᠮᠲᠠ᠎ᠶᠢᠨ ᠲᠤᠯᠭᠠᠭᠤᠷᠢᠯᠠᠯ ᠬᠠᠩᠭᠠᠪᠠ᠃ ᠪᠠᠶᠠᠨᠨᠠᠭᠤᠷ ᠬᠣᠲᠠ᠎ᠶᠢᠨ ᠰᠦᠵᠢ᠎ᠶᠢᠨ ᠡᠯᠡᠰᠦᠷᠬᠡᠭ ᠭᠠᠵᠠᠷ᠎ᠤ᠋ᠨ 200 ᠲᠦᠮᠡᠨ ᠺᠢᠯᠣᠸᠠᠲ᠎ᠤᠨ ᠬᠡᠷᠡᠯᠴᠢ ᠴᠡᠨᠡᠭ᠎ᠢᠶᠡᠷ ᠡᠯᠡᠰᠦ᠎ᠶᠢ ᠵᠠᠰᠠᠬᠤ ᠰᠠᠭᠤᠷᠢᠨ᠎ᠳ᠋ᠤ  《ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠳᠤᠮᠳᠠ ᠡᠯᠡᠰᠦ᠎ᠶᠢ ᠲᠣᠭᠲᠠᠪᠤᠷᠢᠵᠢᠭᠤᠯᠬᠤ᠂ ᠬᠠᠪᠲᠠᠰᠤᠨ ᠳᠣᠣᠷ᠎ᠠ ᠨᠣᠭᠣᠭᠠᠷᠠᠭᠤᠯᠬᠤ》 ᠵᠠᠭᠪᠤᠷ ᠎ᠢ ᠬᠡᠷᠡᠭᠯᠡᠨ᠂ ᠬᠡᠷᠡᠯᠴᠢ ᠴᠡᠨᠡᠭ᠎ᠦᠨ ᠬᠠᠪᠲᠠᠰᠤ᠎ᠶᠢᠨ ᠰᠡᠭᠦᠳᠡᠷ᠎ᠵᠢᠡᠷ ᠳᠤᠯᠠᠭᠠᠨ᠎ᠢ ᠪᠠᠭᠤᠷᠠᠭᠤᠯᠵᠤ᠂ ᠡᠯᠡᠰᠦᠷᠬᠡᠭ ᠭᠠᠵᠠᠷ᠎ᠤᠨ ᠤᠰᠤᠨ᠎ᠤ ᠠᠭᠤᠷᠰᠢᠯᠲᠠ᠎ᠶᠢ ᠪᠦᠲᠦᠮᠵᠢᠲᠡᠶ ᠪᠠᠭᠠᠰᠬᠠᠵᠤ᠂ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠬᠦ᠎ᠳᠦ ᠨᠥᠬᠥᠴᠡᠯ ᠪᠦᠷᠢᠯᠳᠦᠭᠦᠯᠦᠨ ᠥᠭᠴᠦ᠂ ᠡᠯᠡᠰᠦ᠎ᠶᠢ ᠲᠣᠭᠲᠠᠪᠤᠷᠢᠵᠢᠭᠤᠯᠬᠤ ᠢᠨᠵᠧᠨᠧᠷᠢᠩ ᠨᠢ ᠣᠷᠣᠨ ᠪᠦᠰᠡ᠎ᠶᠢᠨ ᠰᠠᠯᠬᠢᠨ᠎ᠤ ᠬᠤᠷᠳᠤᠴᠠ ᠶ᠋ᠢ 40%  ᠠ᠋ᠴᠠ 60%᠎ᠪᠠᠷ ᠪᠠᠭᠤᠷᠠᠭᠤᠯᠪᠠ ᠃ ᠰᠢᠯᠢ᠎ᠶᠢᠨ ᠭᠣᠣᠯ ᠠᠢᠮᠠᠭ᠎ᠤᠨ ᠰᠢᠯᠤᠭᠤᠨ ᠬᠥᠬᠡ ᠬᠣᠰᠢᠭᠤᠨ᠎ᠤ ᠬᠢᠨ 《ᠰᠢᠷ᠎ᠠ ᠪᠤᠷᠭᠠᠰᠤ + ᠬᠣᠯᠢᠵᠤ ᠳᠠᠷᠢᠬᠤ》 ᠵᠠᠰᠠᠯᠲᠠ᠎ᠶᠢᠨ ᠲᠥᠰᠥᠯ᠎ᠢ ᠳᠡᠯᠭᠡᠷᠡᠭᠦᠯᠵᠦ᠂ 《ᠡᠪᠦᠯ ᠨᠥᠭᠡᠴᠡᠯᠡᠵᠦ ᠵᠣᠨ ᠬᠡᠷᠡᠭᠯᠡᠬᠦ 》 ᠠᠷᠭ᠎ᠠ᠎ᠪᠠᠷ ᠰᠢᠷ᠎ᠠ ᠪᠤᠷᠭᠠᠰᠤ᠎ᠶᠢ ᠬᠦᠢᠲᠡᠨ ᠬᠥᠮᠥᠷᠭᠡ᠎ᠳᠦ ᠬᠠᠳᠠᠭᠠᠯᠠᠵᠤ᠂ ᠵᠣᠨ ᠎ᠤ ᠤᠯᠠᠷᠢᠯ᠎ᠳᠤ ᠭᠠᠷᠭᠠᠨ ᠳᠠᠷᠢᠵᠤ᠂ ᠡᠪᠡᠰᠦᠨ ᠦᠷ᠎ᠡ ᠬᠣᠯᠢᠵᠤ ᠳᠠᠷᠢᠬᠤ᠎ᠲᠠᠢ ᠤᠶᠠᠯᠳᠤᠭᠤᠯᠤᠨ᠂ ᠨᠡᠭᠦᠳᠡᠯ ᠡᠯᠡᠰᠦ᠎ᠶᠢ ᠲᠤᠢᠯᠪᠤᠷᠢᠲᠠᠢ ᠬᠠᠰᠢᠪᠠ᠃

ᠥᠪᠥᠷ ᠮᠣᠩᠭᠣᠯ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠸᠮ ᠲᠠᠢ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠬᠦ᠎ᠶᠢ ᠪᠠᠷᠢᠮᠲᠠᠯᠠᠵᠤ᠂ ᠡᠯᠡᠰᠦᠷᠭᠡᠬᠵᠢᠯ᠎ᠢ ᠰᠡᠷᠭᠡᠢᠯᠡᠵᠦ ᠡᠯᠡᠰᠦ ᠎ᠶᠢ ᠵᠠᠰᠠᠬᠤ ᠤᠯᠠᠨ ᠡᠰᠢᠴᠢᠯᠡᠭᠰᠡᠨ ᠣᠷᠣᠭᠤᠯᠤᠯᠲᠠ᠎ᠶᠢᠨ ᠲᠣᠭᠲᠠᠴᠠ᠎ᠶᠢ ᠰᠦᠪᠡᠭᠴᠢᠯᠡᠵᠦ᠂ ᠨᠡᠶ᠋ᠢᠲᠡ᠎ᠶᠢᠨ ᠠᠰᠠᠷᠠᠮᠵᠢ᠎ᠶᠢᠨ ᠵᠣᠬᠢᠶᠠᠨ ᠪᠠᠢᠭᠤᠯᠤᠯᠲᠠ ᠯᠤᠭ᠎ᠠ ᠬᠠᠮᠲᠤᠷᠠᠯᠴᠠᠬᠤ᠎ᠶᠢ ᠦᠷᠭᠦᠯᠵᠢᠯᠡᠨ ᠴᠢᠩᠭᠠᠳᠬᠠᠵᠤ᠂ ᠨᠡᠢᠭᠡᠮ ᠦ᠋ᠨ ᠡᠯ᠎ᠡ ᠡᠲᠡᠭᠡᠳ᠎ᠦᠨ ᠬᠦᠴᠦᠨ᠎ᠢ ᠦᠨᠡᠨᠬᠦ ᠲᠠᠢ᠍ᠢᠴᠢᠯᠠᠪᠠ᠃

 ᠥᠪᠥᠷ ᠮᠣᠩᠭᠣᠯ ᠡᠯᠡᠰᠦᠷᠭᠡᠬᠵᠢᠯ ᠢ᠋ ᠰᠡᠷᠭᠡᠢᠯᠡᠵᠦ ᠡᠯᠡᠰᠦ᠎ᠶᠢ ᠵᠠᠰᠠᠬᠤ᠎ᠪᠠᠷ ᠭᠣᠣᠯ ᠰᠢᠪᠲᠤᠯᠤᠯᠲᠠ᠎ᠶᠢᠨ ᠴᠢᠭᠯᠡᠯ ᠪᠣᠯᠭᠠᠵᠤ᠂ ᠢᠨᠵᠧᠨᠧᠷᠢᠩ ᠢ᠋ ᠠᠭᠤᠰᠤᠯᠴᠠᠭᠤᠯᠬᠤ᠂ ᠨᠡᠢᠭᠡᠮ᠎ᠦᠨ ᠬᠢᠨ ᠣᠷᠣᠯᠴᠠᠬᠤ᠂ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠵᠠᠰᠠᠬᠤ᠂ ᠠᠵᠤ ᠦᠢᠯᠡᠰ᠎ᠢᠶᠡᠷ ᠳᠠᠢᠴᠢᠯᠠᠬᠤ ᠵᠡᠷᠭᠡ ᠲᠠᠯ᠎ᠠ᠎ᠪᠠᠷ ᠲᠣᠭᠲᠠᠴᠠ᠎ᠶᠢᠨ ᠰᠢᠨ᠎ᠡ᠎ᠶᠢ ᠡᠭᠦᠳᠴᠦ᠂ ᠡᠯ᠎ᠡ ᠲᠦᠷᠦᠯ᠎ᠦᠨ ᠪᠠᠲᠤᠯᠠᠭ᠎ᠠ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠤᠯᠠᠮ ᠴᠢᠨᠠᠭᠰᠢᠳᠠ ᠪᠡᠬᠢᠵᠢᠭᠦᠯᠪᠡ᠃

 

ᠢᠷᠡᠯᠳᠡ᠄ ᠦᠪᠦᠷ ᠮᠤᠨᠭᠭᠤᠯ ᠤ᠋ᠨ᠎ᠰᠤᠨᠢᠨ ᠮᠡᠳᠡᠭᠡ ᠵᠢᠨ ᠰᠦᠯᠵᠢᠶ᠎ᠠ

 

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面