2026-10-29 20:31:21
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠮᠡᠭᠡᠯᠵᠢ ᠤᠯᠤᠰ᠎ᠤᠨ ᠲᠠᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠬᠠᠮᠢᠶᠠᠷᠤᠯᠲᠠ᠎ᠶᠢᠨ ᠲᠣᠪᠴᠢᠶ᠎ᠠ ᠠ᠋ᠴᠠ ᠣᠢᠯᠠᠭᠠᠭᠰᠠᠨ ᠵᠢᠡᠷ᠂ ᠲᠤᠬᠠᠢ᠎ᠶᠢᠨ ᠭᠠᠵᠠᠷ ᠨᠢᠭᠡᠨᠲᠡ ᠨᠠᠮᠤᠷ᠎ᠤᠨ ᠤᠯᠠᠷᠢᠯ᠎ᠤᠨ ᠨᠡᠭᠦᠳᠡᠯ᠎ᠦᠨ ᠰᠢᠪᠠᠭᠤᠨ᠎ᠤ ᠣᠷᠭᠢᠯ ᠦᠶ᠎ᠡ᠎ᠳᠦ ᠣᠷᠣᠵᠤ᠂ ᠨᠡᠭᠦᠵᠦ ᠢᠷᠡᠭᠰᠡᠨ ᠨᠡᠭᠦᠳᠡᠯ᠎ᠦᠨ ᠰᠢᠪᠠᠭᠤᠨ᠎ᠤ ᠲᠣᠭ᠎ᠠ 20 ᠭᠠᠷᠤᠢ ᠲᠦᠮᠡ᠎ᠳᠦ ᠬᠦᠷᠴᠡᠢ᠃
ᠲᠡᠮᠡᠭᠡᠯᠵᠢ ᠤᠯᠤᠰ᠎ᠤᠨ ᠲᠠᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ ᠨᠢ ᠵᠡᠭᠦᠨ ᠠᠽᠢᠶ᠎ᠠ ︱ ᠠᠦ᠋ᠰᠲᠷᠠᠯᠢᠶ᠎ᠠ᠎ᠶᠢᠨ ᠣᠯᠠᠨ ᠤᠯᠤᠰ᠎ᠤᠨ ᠨᠡᠭᠦᠳᠡᠯ᠎ᠦᠨ ᠰᠢᠪᠠᠭᠤ ᠶ᠋ᠢᠨ ᠨᠡᠭᠦᠳᠡᠯ᠎ᠦᠨ ᠵᠠᠮ᠎ᠤᠨ ᠭᠣᠣᠯ ᠪᠠᠢᠷᠢᠨ᠎ᠳᠤ ᠪᠠᠢᠷᠢᠯᠠᠳᠠᠭ᠃ ᠬᠠᠮᠠᠭᠠᠯᠠᠯᠲᠠ ᠶ᠋ᠢᠨ ᠣᠷᠣᠨ ᠨᠢ ᠲᠣᠰ ᠤᠯᠠᠷᠢᠯ᠎ᠳᠤ ᠴᠠᠭᠠᠨ ᠲᠣᠭᠣᠷᠤᠤ᠂ ᠲᠣᠭᠣᠳᠠᠭ ᠵᠡᠷᠭᠡ 15 ᠵᠦᠢᠯ᠎ᠦᠨ ᠤᠯᠤᠰ᠎ᠤᠨ ᠨᠢᠭᠡᠳᠦᠭᠡᠷ ᠳᠡᠰ᠎ᠤᠨ ᠬᠠᠮᠠᠭᠠᠯᠠᠯᠲᠠ᠎ᠶᠢᠨ ᠰᠢᠪᠠᠭᠤᠨ᠎ᠤ ᠲᠥᠷᠥᠯ᠂ ᠪᠣᠷᠣ᠌ ᠲᠣᠭᠣᠷᠤᠤ ᠵᠡᠷᠭᠡ 20 ᠵᠦᠢᠯ᠎ᠦᠨ ᠤᠯᠤᠰ᠎ᠤᠨ ᠬᠣᠶᠠᠳᠤᠭᠠᠷ ᠳᠡᠰ ᠤ᠋ᠨ ᠬᠠᠮᠠᠭᠠᠯᠠᠯᠲᠠ᠎ᠶᠢᠨ ᠰᠢᠪᠠᠭᠤᠨ᠎ᠤ ᠲᠥᠷᠥᠯ᠎ᠢ ᠬᠢᠨᠠᠨ ᠬᠡᠮᠵᠢᠵᠦ ᠣᠯᠣᠭᠰᠠᠨ ᠪᠠᠢᠨ᠎ᠠ᠃ ᠲᠣᠭᠣᠳᠠᠭ᠎ᠤᠨ ᠲᠣᠭᠲᠠᠪᠤᠷᠢᠲᠠᠢ ᠳᠦᠷᠰᠦ᠎ᠶᠢᠨ ᠰᠦᠷᠦᠭ ᠪᠠᠷᠤᠭ 280 ᠪᠠᠢᠵᠤ᠂ ᠪᠠᠷᠤᠭ ᠪᠥᠬᠥ ᠳᠡᠯᠡᠬᠡᠢ᠎ᠶᠢᠨ ᠳᠣᠷᠣᠨᠠᠳᠠᠬᠢᠨ᠎ᠤ ᠳᠡᠳ᠋ ᠳᠦᠷᠰᠦ᠎ᠶᠢᠨ ᠶᠡᠷᠦᠩᠬᠡᠢ ᠬᠡᠮᠵᠢᠶᠡᠨ᠎ᠦ ᠭᠤᠷᠪᠠᠨ᠎ᠤ ᠨᠢᠭᠡ ᠬᠤᠪᠢ᠎ᠶᠢ ᠡᠵᠡᠯᠡᠨ᠎ᠡ᠃ ᠬᠢᠯᠢ᠎ᠪᠡᠷ ᠥᠩᠭᠡᠷᠡᠬᠦ ᠴᠠᠭᠠᠨ ᠲᠣᠭᠣᠷᠤᠤ᠎ᠶᠢᠨ ᠲᠣᠭ᠎ᠠ ᠨᠢ ᠪᠦᠬᠦ ᠪᠥᠮᠪᠥᠷᠴᠡᠭ᠎ᠦᠨ ᠵᠡᠷᠯᠢᠭ ᠳᠦᠷᠰᠦ᠎ᠶᠢᠨ ᠰᠦᠷᠦᠭ᠎ᠦᠨ 70%᠎ᠶᠢ ᠡᠵᠡᠯᠡᠨ᠎ᠡ᠃

20 ᠭᠠᠷᠤᠢ ᠵᠢᠯ᠎ᠦᠨ ᠲᠤᠷᠰᠢᠯᠭ᠎ᠠ᠎ᠲᠠᠢ ᠠᠬᠠᠮᠠᠳ ᠲᠣᠭᠣᠷᠢᠨ ᠬᠠᠮᠠᠭᠠᠯᠠᠭ᠍ᠴᠢ ᠯᠢᠦ ᠭᠠᠩ ᠰᠤᠷᠪᠤᠯᠵᠢᠯᠠᠭ᠍ᠴᠢ᠎ᠳᠤ ᠬᠡᠯᠡᠬᠦ᠎ᠳᠡᠭᠡᠨ᠄《ᠣᠲᠣ᠌ ᠪᠢᠳᠡ 39 ᠸᠢᠳᠢᠤ᠋ ᠬᠢᠨᠠᠨ ᠡᠵᠡᠮᠳᠡᠬᠦ ᠴᠡᠭ᠂ ᠵᠢᠯᠣᠭᠣᠴᠢ ᠦᠭᠡᠢ ᠨᠢᠰᠬᠡᠯ᠎ᠦᠨ ᠲᠣᠭᠣᠷᠢᠨ ᠰᠡᠷᠭᠡᠢᠯᠡᠬᠦ ᠲᠥᠬᠦᠭᠡᠷᠦᠮᠵᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠣᠭᠣᠷᠢᠨ ᠬᠠᠮᠠᠭᠠᠯᠠᠯᠲᠠ᠎ᠶᠢᠨ ᠠᠷᠭ᠎ᠠ ᠪᠡᠷ ᠬᠠᠮᠠᠭᠠᠯᠠᠯᠲᠠ᠎ᠶᠢᠨ ᠣᠷᠣᠨ᠎ᠤ ᠲᠤᠯᠤᠭᠠᠨ ᠬᠤᠪᠢ ᠡᠴᠠ ᠳᠡᠭᠡᠭᠰᠢᠬᠢ ᠲᠠᠯᠠᠪᠠᠶ᠎ᠵᠢ ᠬᠠᠷᠠᠵᠤ ᠬᠠᠮᠠᠭᠠᠯᠠᠵᠤ ᠪᠠᠢᠨ᠎ᠠ》 ᠭᠡᠪᠡ ᠃
ᠥᠪᠥᠷ ᠮᠣᠩᠭᠣᠯ᠎ᠤᠨ ᠬᠣᠷᠴᠢᠨ ᠤᠯᠤᠰ᠎ᠤᠨ ᠲᠠᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ ᠪᠣᠯ ᠵᠡᠭᠦᠨ ᠠᠽᠢᠶ᠎ᠠ ︱ ᠠᠦ᠋ᠰᠲᠷᠠᠯᠢᠶ᠎ᠠ ᠪᠣᠯᠣᠨ ᠪᠠᠷᠠᠭᠤᠨ ᠨᠣᠮᠣᠬᠠᠨ ᠲᠡᠯᠡᠶ᠎ᠶᠢᠨ ᠤᠷᠤᠨ᠎ᠤ ᠨᠡᠭᠦᠳᠡᠯ᠎ᠦᠨ ᠰᠢᠪᠠᠭᠤ᠎ᠶᠢᠨ ᠬᠤᠶᠠᠷ ᠨᠡᠭᠦᠳᠡᠯ᠎ᠦᠨ ᠵᠠᠮ᠎ᠤᠨ ᠵᠠᠩᠭᠢᠯᠠᠭ᠎ᠠ᠎ᠶᠢᠨ ᠬᠦᠢᠰᠦ ᠪᠣᠯᠣᠨ᠎ᠠ᠃ ᠡᠨᠡ ᠬᠡᠳᠦᠨ ᠡᠳᠦᠷ ᠶᠡᠬᠡ ᠬᠡᠮᠵᠢᠶᠡᠨ᠎ᠦ ᠨᠡᠭᠦᠳᠡᠯ᠎ᠦᠨ ᠰᠢᠪᠠᠭᠤᠳ ᠲᠣᠰ ᠬᠠᠮᠠᠭᠠᠯᠠᠯᠲᠠ᠎ᠶᠢᠨ ᠣᠷᠣᠨ᠎ᠳᠤ ᠬᠦᠷᠴᠦ ᠢᠷᠡᠪᠡ᠃ 2002 ᠣᠨ᠎ᠳᠤ ᠲᠣᠰ ᠬᠠᠮᠠᠭᠠᠯᠠᠯᠲᠠ᠎ᠶᠢᠨ ᠣᠷᠣᠨ ᠳ᠋ᠤ ᠠᠯ ᠰᠡᠭᠦᠯ ᠬᠡᠭᠡᠷ᠎ᠡ ᠭᠠᠳᠠᠨ᠎ᠠ ᠦᠷᠡᠵᠢᠬᠦ᠎ᠶᠢ ᠣᠯᠵᠤ ᠮᠡᠳᠡᠭᠰᠡᠨ᠎ᠦ ᠳᠠᠷᠠᠭ᠎ᠠ᠂ ᠠᠵᠢᠯᠲᠠᠳ ᠡᠨᠡ ᠵᠢᠯ ᠨᠠᠰᠤ ᠭᠦᠢᠴᠡᠭᠰᠡᠨ ᠠᠯ ᠰᠡᠭᠦᠯ ᠨᠢ ᠨᠢᠯᠬ᠎ᠠ ᠳᠡᠭᠳᠡᠭᠡᠬᠡᠢ᠎ᠪᠠᠨ ᠳᠠᠭᠠᠭᠤᠯᠤᠨ ᠭᠦᠢᠬᠡᠨ ᠲᠠᠩ᠎ᠳᠤ ᠢᠳᠡᠰᠢ ᠡᠷᠢᠵᠦ ᠪᠠᠢᠬᠤ᠎ᠶᠢ ᠳᠠᠬᠢᠨᠲᠠ ᠣᠯᠵᠤ ᠬᠠᠷᠠᠵᠠᠢ᠃

ᠬᠣᠷᠴᠢᠨ ᠤᠯᠤᠰ᠎ᠤᠨ ᠲᠠᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠬᠠᠮᠢᠶᠠᠷᠤᠯᠲᠠ᠎ᠶᠢᠨ ᠲᠣᠪᠴᠢᠶ᠎ᠠ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠢᠨᠠᠨ ᠬᠡᠮᠵᠢᠬᠦ ᠰᠠᠯᠠᠭᠠᠨ᠎ᠤ ᠳᠠᠷᠤᠭ᠎ᠠ ᠭᠣᠸ᠋ ᠸᠸᠨ ᠬᠤᠸᠠ ᠲᠠᠨᠢᠯᠴᠠᠭᠤᠯᠬᠤ᠎ᠳᠠᠭᠠᠨ᠄ 《2025 ᠣᠨ᠎ᠳᠤ ᠪᠢᠳᠡ ᠠᠩᠬ᠎ᠠ ᠤᠳᠠᠭ᠎ᠠ ᠳᠤᠮᠳᠠᠳᠤ ᠤᠯᠤᠰ᠎ᠤᠨ ᠰᠢᠪᠠᠭᠤᠨ᠎ᠤ ᠲᠥᠷᠥᠯ᠎ᠦᠨ ᠴᠠᠭᠠᠷᠢᠭ᠋ ᠲᠡᠮᠲᠡᠭ ᠵᠡᠭᠦᠯᠭᠡᠬᠦ ᠲᠥᠪ᠎ᠲᠠᠢ ᠬᠠᠮᠵᠢᠯᠴᠠᠨ ᠲᠣᠭᠣᠷᠤᠤ᠎ᠶᠢᠨ ᠲᠥᠷᠥᠯ ᠳ᠋ᠤ ᠴᠠᠭᠠᠷᠢᠭ᠋ ᠲᠡᠮᠲᠡᠭ ᠵᠡᠭᠦᠯᠭᠡᠬᠦ ᠠᠵᠢᠯᠯᠠᠭ᠎ᠠ ᠥᠷᠨᠢᠭᠦᠯᠵᠦ᠂ 4 ᠪᠣᠷᠣ᠌ ᠲᠣᠭᠣᠷᠤᠤ᠎ᠳᠤ ᠳᠠᠭᠠᠭᠤᠯᠢ ᠣᠳᠣᠨ᠎ᠤ ᠮᠥᠷᠳᠡᠭᠦᠷ ᠵᠡᠭᠦᠯᠭᠡᠵᠦ᠂ ᠬᠣᠷᠴᠢᠨ ᠬᠠᠮᠠᠭᠠᠯᠠᠯᠲᠠ᠎ᠶᠢᠨ ᠣᠷᠣᠨ᠎ᠢᠶᠠᠷ ᠥᠩᠭᠡᠷᠡᠬᠦ ᠬᠣᠶᠠᠷ ᠰᠠᠯᠠᠭ᠎ᠠ ᠠᠳᠠᠯᠢ ᠪᠤᠰᠤ ᠭᠠᠵᠠᠷ ᠵᠦᠢ᠎ᠶᠢᠨ ᠰᠦᠷᠦᠭᠪᠠᠢᠭᠰᠠᠨᠢ ᠮᠡᠳᠡᠪᠡ᠃ ᠨᠢᠭᠡ ᠰᠠᠯᠠᠭ᠎ᠠ ᠨᠢ ᠤᠮᠠᠷᠠᠰᠢ ᠨᠡᠭᠦᠳᠡᠯᠯᠡᠨ ᠮᠣᠩᠭᠣᠯ ᠤᠯᠤᠰ᠎ᠤᠨ ᠵᠡᠭᠦᠨ ᠬᠡᠰᠡᠭ᠎ᠲᠦ ᠦᠷᠡᠵᠢᠵᠦ᠂ ᠶᠦᠨᠨᠡᠨ᠂ ᠭᠦᠢᠵᠸᠦ᠂ ᠵᠢᠶᠠᠩᠰᠢ ᠣᠷᠴᠢᠮ ᠬᠦᠷᠴᠦ ᠡᠪᠦᠯᠵᠢᠳᠡᠭ᠃ ᠨᠥᠭᠥᠭᠡ ᠨᠢᠭᠡ ᠰᠠᠯᠠᠭ᠎ᠠ ᠨᠢ ᠯᠢᠶᠣᠤᠨᠢᠩ᠎ᠤᠨ ᠵᠢᠨᠵᠧᠦ ᠪᠣᠯᠣᠨ ᠱᠠᠨᠳᠦ᠋ᠩ᠎ᠦᠨ ᠳ᠋ᠦᠩ ᠶᠢᠩ ᠣᠷᠴᠢᠮ᠎ᠢᠶᠠᠷ ᠡᠪᠦᠯᠵᠢᠵᠦ᠂ ᠢᠷᠡᠬᠦ ᠵᠢᠯ ᠨᠢ ᠥᠪᠥᠷ ᠮᠣᠩᠭᠣᠯ᠎ᠤᠨ ᠬᠥᠯᠥᠨ ᠪᠣᠶ᠋ᠢᠷᠪᠠ ᠣᠷᠣᠰ᠎ᠲᠤ ᠬᠦᠷᠴᠦ ᠦᠷᠡᠵᠢᠳᠡᠭ》 ᠭᠡᠪᠡ᠃
ᠡᠨᠡ ᠵᠢᠯ᠎ᠦᠨ 10 ᠰᠠᠷ᠎ᠠ᠎ᠳᠤ᠂ ᠲᠣᠰ ᠬᠠᠮᠠᠭᠠᠯᠠᠯᠲᠠ᠎ᠶᠢᠨ ᠣᠷᠣᠨ 10 ᠪᠣᠷᠣ᠌ ᠲᠣᠭᠣᠷᠤᠤ᠂ 21 ᠴᠠᠭᠠᠨ ᠲᠣᠭᠣᠷᠤᠤ ᠳ᠋ᠤ ᠳᠠᠭᠠᠭᠤᠯᠢ ᠣᠳᠣᠨ᠎ᠤ ᠮᠥᠷᠳᠡᠭᠦᠷ ᠵᠡᠭᠦᠯᠭᠡᠭᠰᠡᠨ ᠪᠥᠭᠡᠳ ᠲᠡᠳᠡᠨ᠎ᠦ ᠨᠡᠭᠦᠳᠡᠯ᠎ᠦᠨ ᠪᠠᠢᠳᠠᠯ᠎ᠢ ᠴᠠᠭ ᠲᠤᠬᠠᠢ ᠳ᠋ᠤᠨᠢ ᠡᠵᠡᠮᠳᠡᠭᠰᠡᠨ ᠪᠥᠭᠡᠳ ᠨᠡᠭᠦᠳᠡᠯ᠎ᠦᠨ ᠠᠶᠠᠯᠠᠯ᠎ᠢ ᠬᠠᠮᠠᠭᠠᠯᠠᠵᠤ ᠪᠠᠢᠨ᠎ᠠ᠃
ᠨᠠᠮᠤᠷ ᠡᠪᠦᠯ᠎ᠦᠨ ᠠᠭᠤᠯᠵᠠᠷ ᠵᠢᠡᠷ ᠬᠤᠨ ᠭᠠᠯᠠᠭᠤ᠂ ᠬᠠᠷ᠎ᠠ ᠭᠠᠯᠠᠭᠤ᠂ ᠬᠥᠬᠡ ᠳᠡᠭᠡᠯᠡᠢ ᠵᠡᠷᠭᠡ ᠬᠡᠳᠦᠨ ᠲᠦᠮᠡᠨ ᠨᠡᠭᠦᠳᠡᠯ᠎ᠦᠨ ᠰᠢᠪᠠᠭᠤ ᠬᠥᠯᠥᠨ ᠨᠠᠭᠤᠷ᠎ᠤᠨ ᠤᠯᠤᠰ ᠤ᠋ᠨ ᠲᠡᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠤᠯᠠᠭᠠᠨᠨᠠᠭᠤᠷ ᠨᠤᠭᠤ ᠭᠠᠵᠠᠷ᠎ᠲᠤ ᠴᠤᠭᠯᠠᠷᠠᠪᠠ᠃
ᠬᠥᠯᠥᠨ ᠨᠠᠭᠤᠷ᠎ᠤᠨ ᠤᠯᠤᠰ᠎ᠤᠨ ᠲᠠᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠬᠠᠮᠢᠶᠠᠷᠤᠯᠲᠠ᠎ᠶᠢᠨ ᠲᠣᠪᠴᠢᠶ᠎ᠠ᠎ᠶᠢᠨ ᠠᠯᠪᠠᠨ᠎ᠤ ᠲᠠᠯ᠎ᠠ᠎ᠶᠢᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠬᠠᠮᠠᠭᠠᠯᠠᠯᠲᠠ᠎ᠶᠢᠨ ᠣᠷᠣᠨ᠎ᠤ ᠲᠥᠯᠥᠭᠡᠯᠡᠬᠦ ᠴᠢᠨᠠᠷᠲᠠᠢ ᠠᠮᠢᠳᠤ ᠪᠣᠳᠠᠰ᠎ᠤᠨ ᠲᠥᠷᠥᠯᠪᠤᠯᠬᠤ ᠬᠤᠨ ᠭᠠᠯᠠᠭᠤ᠎ᠶᠢᠨ ᠲᠣᠰ ᠤᠳᠠᠭᠠᠨ ᠤ᠋ ᠬᠢᠨᠠᠨ ᠬᠡᠮᠵᠢᠭᠰᠡᠨ ᠲᠣᠭ᠎ᠠ ᠬᠡᠮᠵᠢᠶ᠎ᠡ 34744 ᠬᠦᠷᠴᠦ᠂ ᠬᠠᠮᠠᠭᠠᠯᠠᠯᠲᠠ᠎ᠶᠢᠨ ᠣᠷᠣᠨ᠎ᠤ ᠬᠢᠨᠠᠨ ᠬᠡᠮᠵᠢᠭᠰᠡᠨ ᠲᠡᠮᠳᠡᠭᠯᠡᠯ᠎ᠲᠠᠢ ᠪᠣᠯᠤᠭᠰᠠᠨ᠎ᠡᠴᠠ ᠨᠠᠭᠠᠰᠢᠬᠢ ᠲᠡᠦᠬᠡ ᠶ᠋ᠢᠨ ᠰᠢᠨ᠎ᠡ ᠲᠡᠮᠳᠡᠭᠯᠡᠯ᠎ᠢ ᠡᠭᠦᠳᠦᠭᠰᠡᠨ ᠪᠠᠢᠨ᠎ᠠ᠃
ᠢᠷᠡᠯᠳᠡ᠄ ᠳᠤᠮᠳᠠᠳᠤ ᠤᠯᠤᠰ᠎ᠤᠨ ᠰᠤᠨᠢᠨ ᠮᠡᠳᠡᠭᠡ ᠵᠢᠨ ᠰᠦᠯᠵᠢᠶ᠎ᠠ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃