2026-11-06 11:47:35
ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠬᠡᠷᠡᠭᠯᠡᠭᠡᠨ᠎ᠤ ᠵᠦᠢᠯᠡᠰ᠎ᠤᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠠᠵᠢᠯ᠎ᠤᠨ ᠬᠠᠮᠢᠶ᠎ᠠ ᠪᠥᠬᠥᠶ ᠱᠠᠭᠠᠷᠳᠠᠯᠭ᠎ᠠ ᠶᠣᠰᠣᠭᠠᠷ᠂ ᠪᠥᠬᠥ᠌ ᠣᠷᠣᠨ᠎ᠤ ᠮᠠᠰᠢᠨ ᠲᠡᠷᠭᠡᠨ᠎ᠦ ᠬᠡᠷᠡᠭᠯᠡᠭᠡ᠎ᠶᠢᠨ ᠬᠡᠷᠡᠭᠴᠡᠭᠡ ᠱᠠᠭᠠᠷᠳᠠᠯᠭ᠎ᠠ ᠵᠢᠴᠢ ᠬᠠᠭᠤᠴᠢᠨ᠎ᠢᠶᠠᠷ ᠰᠢᠨ᠎ᠡ᠎ᠶᠢ ᠰᠣᠯᠢᠬᠤ ᠨᠥᠬᠥᠪᠥᠷᠢ᠎ᠶᠢᠨ ᠲᠥᠷᠥ᠎ᠶᠢᠨ ᠪᠣᠳᠣᠯᠭ᠎ᠠ᠎ᠵᠢᠨ ᠬᠡᠷᠡᠭᠵᠢᠭᠦᠯᠦᠯᠳᠡ᠎ᠶᠢ ᠠᠬᠢᠭᠤᠯᠵᠤ ᠪᠠᠶ᠋ᠢᠭ᠎ᠠ ᠪᠣᠳᠠᠲᠤ᠌ ᠪᠠᠶ᠋ᠢᠳᠠᠯ᠎ᠲᠠᠶ ᠤᠶᠠᠯᠳᠤᠭᠤᠯᠤᠨ᠂ ᠡᠳᠦᠭᠡ ᠨᠥᠬᠥᠪᠥᠷᠢ ᠵᠢ ᠭᠤᠶᠤᠴᠢᠯᠠᠨ ᠮᠡᠳᠡᠭᠦᠯᠬᠦ᠌ ᠴᠠᠭ ᠤ᠋ᠨ ᠬᠢᠵᠠᠭᠠᠷ᠎ᠢ ᠳᠤᠤᠷᠠᠬᠢ ᠮᠡᠲᠦ᠍ ᠵᠠᠷᠯᠠᠶ᠎ᠠ᠄
ᠨᠢᠭᠡ᠂ ᠥᠪᠥᠷ ᠮᠣᠩᠭᠣᠯ᠎ᠤᠨ 2026 ᠣᠨ᠎ᠤ ᠮᠠᠰᠢᠨ ᠲᠡᠷᠭᠡᠨ᠎ᠦ ᠬᠠᠭᠤᠴᠢᠨ᠎ᠢᠶᠠᠷ ᠰᠢᠨ᠎ᠡ᠎ᠶᠢ ᠰᠣᠯᠢᠬᠤ ᠨᠥᠬᠥᠪᠥᠷᠢ᠎ᠶᠢ ᠭᠤᠶᠤᠴᠢᠯᠠᠨ ᠮᠡᠳᠡᠭᠦᠯᠬᠦ᠌ ᠴᠠᠭ ᠢ᠋ 2027 ᠣᠨ᠎ᠤ 1 ᠰᠠᠷ᠎ᠠ᠎ᠶᠢᠨ 10 ᠤ ᠡᠳᠦᠷ᠎ᠦᠨ 24 ᠴᠠᠭ ᠪᠣᠯᠲᠠᠯ᠎ᠠ ᠬᠢᠵᠠᠭᠠᠷᠯᠠᠨ᠎ᠠ᠂ ᠣᠨ᠎ᠤ ᠨᠥᠬᠥᠪᠥᠷᠢ ᠵᠢᠨ ᠪᠠᠯᠠ ᠮᠥᠩᠭᠥ᠎ᠶᠢ ᠬᠡᠷᠡᠭᠯᠡᠵᠦ᠍ ᠳᠠᠭᠤᠰᠤᠭᠰᠠᠨ ᠨᠢ ᠡᠭᠦᠨ᠎ᠳᠦ ᠪᠠᠭᠲᠠᠬᠤ ᠥᠬᠡᠶ᠃ ᠬᠡᠷᠪᠡ ᠬᠠᠮᠢᠶ᠎ᠠ ᠪᠥᠬᠥᠶ ᠮᠡᠳᠡᠭᠡ ᠵᠠᠩᠭᠢ᠎ᠶᠢ ᠬᠠᠯᠠᠨ ᠵᠠᠯᠠᠷᠠᠭᠤᠯᠬᠤ ᠴᠢᠬᠤᠯᠠᠲᠠᠶ ᠪᠤᠯ᠂ 2027 ᠣᠨ᠎ᠤ 1 ᠰᠠᠷ᠎ᠠ᠎ᠶᠢᠨ 20 ᠤ ᠡᠳᠦᠷ᠎ᠦᠨ 24 ᠴᠠᠭ᠎ᠠᠴᠠ ᠡᠮᠦᠨ᠎ᠡ ᠬᠠᠯᠠᠨ ᠵᠠᠯᠠᠷᠠᠭᠤᠯᠬᠤ᠎ᠶᠢᠨ ᠬᠠᠮᠲᠤ᠌ ᠲᠤᠰᠢᠶᠠᠬᠤ ᠬᠡᠷᠡᠭᠲᠡᠶ᠃ ᠬᠤᠭᠤᠴᠠᠭᠠᠬᠡᠳᠦᠷᠡᠳᠡᠯᠡ ᠨᠦᠬᠦᠪᠦᠷᠢ ᠭᠤᠶᠤᠴᠢᠯᠠᠬᠰᠠᠨ ᠦᠭᠡᠢ ᠪᠤᠶᠤ ᠬᠠᠮᠢᠶ᠎ᠠ ᠪᠥᠬᠥᠶ ᠮᠡᠳᠡᠭᠡ ᠵᠠᠩᠭᠢ᠎ᠪᠠᠨ ᠨᠥᠬᠥᠪᠥᠷᠢᠯᠡᠵᠦ᠍ ᠵᠠᠯᠠᠷᠠᠭᠤᠯᠤᠭᠰᠠᠨ ᠥᠬᠡᠶ ᠪᠠᠶ᠋ᠢᠪᠠᠯ ᠨᠥᠬᠥᠪᠥᠷᠢ ᠥᠭᠬᠦ᠌ ᠥᠬᠡᠶ᠃
ᠬᠣᠶᠠᠷ᠂ ᠮᠠᠰᠢᠨ ᠲᠡᠷᠭᠡ᠎ᠶᠢ ᠬᠡᠷᠡᠭᠯᠡᠭᠡᠨ᠎ᠡᠴᠡ ᠭᠠᠷᠭᠠᠵᠤ ᠰᠢᠨᠡᠳᠬᠡᠬᠦ᠌ ᠨᠥᠬᠥᠪᠥᠷᠢ ᠵᠢ ᠭᠤᠶᠤᠴᠢᠯᠠᠭᠴᠢ᠎ᠶᠢᠨ ᠲᠤᠰᠢᠶᠠᠭᠰᠠᠨ 《ᠬᠡᠷᠡᠭᠯᠡᠭᠡᠨ᠎ᠡᠴᠡ ᠭᠠᠷᠭᠠᠭᠰᠠᠨ ᠮᠠᠰᠢᠨ ᠲᠡᠷᠭᠡ᠎ᠶᠢ ᠡᠭᠡᠭᠦᠯᠦᠨ ᠬᠤᠷᠢᠶᠠᠭᠰᠠᠨ ᠭᠡᠷᠡᠴᠢ》᠂ 《ᠮᠠᠰᠢᠨ ᠲᠡᠷᠭᠡ᠎ᠶᠢ ᠬᠦᠴᠦᠨ ᠥᠬᠡᠶ ᠪᠣᠯᠭᠠᠭᠰᠠᠨ ᠭᠡᠷᠡᠴᠢ》᠂ 《ᠮᠠᠰᠢᠨ ᠲᠡᠷᠭᠡ ᠪᠣᠷᠣᠯᠠᠭᠤᠯᠤᠭᠰᠠᠨ ᠨᠢᠭᠡᠳᠦᠯᠲᠡᠶ ᠪᠠᠷᠢᠮᠲᠠ》᠂ 《ᠮᠠᠰᠢᠨ ᠲᠡᠷᠭᠡ ᠳᠠᠩᠰᠠᠯᠠᠭᠤᠯᠤᠭᠰᠠᠨ ᠦᠨᠡᠮᠯᠡᠯ》 ᠨᠢ ᠴᠥᠮ 2026 ᠣᠨ᠎ᠤ 1 ᠰᠠᠷ᠎ᠠ᠎ᠶᠢᠨ 1 ᠦ ᠡᠳᠦᠷ᠎ᠡᠴᠡ 12 ᠰᠠᠷ᠎ᠠ᠎ᠶᠢᠨ 31᠎ᠦ ᠡᠳᠦᠷ ᠪᠣᠯᠲᠠᠯᠠᠬᠢ ᠬᠤᠭᠤᠴᠠᠭᠠᠨ᠎ᠳᠤ ᠤᠯᠤᠬᠰᠠᠨ ᠪᠠᠢᠬᠤ ᠬᠡᠷᠡᠭᠲᠡᠶ᠃
ᠭᠤᠷᠪᠠ᠂ ᠮᠠᠰᠢᠨ ᠲᠡᠷᠭᠡ ᠰᠣᠯᠢᠵᠦ ᠰᠢᠨᠡᠳᠬᠡᠬᠦ᠌ ᠨᠥᠬᠥᠪᠥᠷᠢ ᠵᠢ ᠭᠤᠶᠤᠴᠢᠯᠠᠭᠴᠢ᠎ᠶᠢᠨ ᠲᠤᠰᠢᠶᠠᠭᠰᠠᠨ 《ᠭᠠᠷ ᠳᠠᠮᠵᠢᠭᠰᠠᠨ ᠮᠠᠰᠢᠨ ᠲᠡᠷᠭᠡ ᠪᠣᠷᠣᠯᠠᠭᠤᠯᠤᠬᠰᠠᠨ ᠨᠢᠭᠡᠳᠦᠯᠲᠡᠶ ᠪᠠᠷᠢᠮᠲᠠ》 ᠪᠠ 《ᠮᠠᠰᠢᠨ ᠲᠡᠷᠭᠡ ᠪᠣᠷᠣᠯᠠᠭᠤᠯᠤᠬᠰᠠᠨ ᠨᠢᠭᠡᠳᠦᠯᠲᠡᠶ ᠪᠠᠷᠢᠮᠲᠠ》 ᠳ᠋ᠤ ᠲᠡᠮᠳᠡᠭᠯᠡᠨ ᠲᠣᠳᠣᠷᠬᠠᠶ᠋ᠢᠯᠠᠭᠰᠠᠨ ᠪᠠᠷᠢᠮᠳᠠ ᠭᠠᠷᠭᠠᠭᠰᠠᠨ ᠡᠳᠦᠷ ᠬᠤᠭᠤᠴᠠᠭ᠎ᠠ ᠵᠢᠴᠢ ᠰᠢᠯᠵᠢᠭᠦᠯᠦᠨ ᠥᠭᠭᠦᠭᠰᠡᠨ ᠰᠠᠭᠤᠳᠠᠯ᠎ᠤᠨ ᠮᠠᠰᠢᠨ ᠲᠡᠷᠭᠡ᠎ᠶᠢᠨ 《ᠮᠠᠰᠢᠨ ᠲᠡᠷᠭᠡ ᠳᠠᠩᠰᠠᠯᠠᠭᠤᠯᠤᠭᠰᠠᠨ ᠦᠨᠡᠮᠯᠡᠯ》 ᠳ᠋ᠤ ᠲᠡᠮᠳᠡᠭᠯᠡᠨ ᠲᠣᠳᠣᠷᠬᠠᠶ᠋ᠢᠯᠠᠭᠰᠠᠨ ᠣᠶ᠋ᠢᠷ᠎ᠠ᠎ᠶᠢᠨ ᠨᠢᠭᠡ ᠤᠳᠠᠭ᠎ᠠ᠎ᠶᠢᠨ ᠰᠢᠯᠵᠢᠭᠦᠯᠦᠨ ᠥᠭᠭᠦᠭᠰᠡᠨ ᠳᠠᠩᠰᠠᠯᠠᠯ᠎ᠤᠨ ᠡᠳᠦᠷ ᠬᠤᠭᠤᠴᠠᠭ᠎ᠠ ᠪᠠ ᠰᠢᠨ᠎ᠡ᠎ᠪᠡᠷ ᠬᠤᠳᠠᠯᠳᠤᠨ ᠠᠪᠤᠭᠰᠠᠨ ᠰᠠᠭᠤᠳᠠᠯ᠎ᠤᠨ ᠮᠠᠰᠢᠨ ᠲᠡᠷᠭᠡ᠎ᠶᠢᠨ 《ᠮᠠᠰᠢᠨ ᠲᠡᠷᠭᠡ ᠳᠠᠩᠰᠠᠯᠠᠭᠤᠯᠤᠭᠰᠠᠨ ᠦᠨᠡᠮᠯᠡᠯ》 ᠳ᠋ᠤ ᠲᠡᠮᠳᠡᠭᠯᠡᠨ ᠲᠣᠳᠣᠷᠬᠠᠶ᠋ᠢᠯᠠᠭᠰᠠᠨ ᠳᠡᠩᠰᠡᠯᠡᠨ ᠲᠡᠮᠳᠡᠭᠯᠡᠭᠰᠡᠨ ᠡᠳᠦᠷ ᠬᠤᠭᠤᠴᠠᠭ᠎ᠠ᠎ᠨᠢ ᠴᠥᠮ 2026 ᠣᠨ᠎ᠤ 1 ᠰᠠᠷ᠎ᠠ᠎ᠶᠢᠨ 1᠎ᠦ ᠡᠳᠦᠷ᠎ᠡᠴᠡ 2026 ᠣᠨ᠎ᠤ 12 ᠰᠠᠷ᠎ᠠ᠎ᠶᠢᠨ 31᠎ᠦ ᠡᠳᠦᠷ ᠪᠣᠯᠲᠠᠯᠠᠬᠢ ᠬᠤᠭᠤᠴᠠᠭᠠᠨ᠎ᠳᠤ ᠪᠠᠶ᠋ᠢᠬᠤ ᠬᠡᠷᠡᠭᠲᠡᠶ᠃
ᠲᠣᠰ ᠠᠯᠪᠠᠨ ᠵᠠᠷᠯᠠᠯ᠎ᠳᠦ ᠲᠣᠭᠲᠠᠭᠠᠭᠰᠠᠨ ᠥᠬᠡᠶ ᠵᠦᠢᠯᠡᠰ᠎ᠢ ᠮᠥᠨ ᠬᠦ᠌ 《2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠰᠢᠨ ᠲᠡᠷᠭᠡᠨ ᠤ᠋ ᠬᠠᠭᠤᠴᠢᠨ᠎ᠢᠶᠠᠷ ᠰᠢᠨ᠎ᠡ᠎ᠶᠢ ᠰᠣᠯᠢᠬᠤ ᠠᠵᠢᠯ ᠥᠷᠨᠢᠭᠦᠯᠬᠦ᠌ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠵᠡᠷᠭᠡ 8 ᠰᠠᠯᠠᠭ᠎ᠠ ᠮᠥᠴᠢᠷ᠎ᠦᠨ ᠮᠡᠳᠡᠭᠳᠡᠯ》 (ᠥᠪᠥᠷ ᠮᠤᠡᠭᠭᠤᠯ᠎ᠤᠨ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠤ᠋ᠨ ᠵᠠᠬ᠎ᠠ ᠳᠡᠯᠭᠡᠭᠦᠷ᠎ᠤᠨ ᠠᠵᠢᠯᠯᠠᠭᠠᠨ ᠪᠠ ᠭᠡᠷᠡᠭᠯᠡᠭᠡ ᠵᠢ ᠠᠭᠢᠭᠤᠯᠬᠤ ᠭᠠᠵᠠᠷ [2026] 38 ᠳ᠋ᠤᠭᠠᠷ ᠲᠣᠭᠠᠲᠤ᠌)᠎ᠤᠨ ᠬᠣᠯᠪᠣᠭᠳᠠᠯ ᠪᠥᠬᠥᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠲᠤᠰ ᠠᠯᠪᠠᠨ ᠵᠠᠷᠯᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠡᠴᠡ ᠬᠠᠷᠢᠭᠤᠴᠠᠨ ᠲᠠᠶ᠋ᠢᠯᠪᠤᠷᠢᠯᠠᠨ᠎ᠠ᠃
ᠡᠭᠦᠨ᠎ᠦ ᠲᠤᠯᠠ ᠣᠨᠴᠠᠭᠠᠶ᠋ᠢᠯᠠᠨ ᠵᠠᠷᠯᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ
2026 ᠣᠨ᠎ᠤ 10 ᠰᠠᠷ᠎ᠠ᠎ᠶᠢᠨ 30 ᠤ ᠡᠳᠦᠷ
ᠢᠷᠡᠯᠲᠡ᠄ ᠵᠠᠬ᠎ᠠ ᠳᠡᠯᠭᠡᠭᠦᠷ᠎ᠦᠨ ᠠᠵᠢᠯᠯᠠᠭᠠᠨ ᠪᠠ ᠬᠡᠷᠡᠭᠯᠡᠭᠡ᠎ᠶᠢ ᠠᠬᠢᠭᠤᠯᠬᠤ ᠭᠠᠵᠠᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃