2026-11-11 11:33:05
11 ᠰᠠᠷ᠎ᠠ᠎ᠶᠢᠨ 8 ᠤ ᠡᠳᠦᠷ᠂ 2026 ᠣᠨ᠎ᠤ 《ᠪᠣᠬᠢᠷᠲᠤᠯ ᠥᠬᠡᠶ ᠪᠦᠲᠦᠭᠡᠭᠳᠡᠬᠦᠨ᠎ᠢ ᠦᠪᠦᠷ ᠮᠤᠡᠭᠭᠤᠯ᠎ᠡᠴᠡ ᠭᠠᠷᠭᠠᠬᠤ·ᠱᠠᠩᠬᠠᠶᠬᠤᠳᠠ ᠲᠠᠢ ᠪᠣᠯᠵᠣᠬᠤ》 ᠵᠢᠴᠢ ᠵᠢᠷᠭᠤᠳᠤᠭᠠᠷ ᠬᠤᠭᠤᠴᠠᠭᠠᠨ᠎ᠤ ᠪᠡᠭᠡᠵᠢᠩ ᠥᠪᠥᠷ ᠮᠣᠩᠭᠣᠯ᠎ᠤᠨ ᠬᠡᠷᠡᠭᠯᠡᠭᠡᠨ᠎ᠦ ᠬᠠᠮᠵᠢᠯᠴᠠᠭ᠎ᠠ ᠵᠢᠨ ᠰᠣᠩᠭᠣᠨ ᠲᠠᠨᠢᠯᠴᠠᠭᠤᠯᠬᠤ ᠠᠵᠢᠯᠯᠠᠭ᠎ᠠ ᠱᠠᠩᠬᠠᠶ᠎ᠳᠤ ᠥᠨᠳᠥᠷᠯᠡᠪᠡ᠃ ᠡᠨᠡ ᠪᠣᠯ 《ᠪᠣᠬᠢᠷᠲᠤᠯ ᠦᠭᠡᠢᠪᠦᠳᠦᠭᠡᠭᠳᠡᠭᠦᠨ ᠢ ᠦᠪᠦᠷ ᠮᠤᠡᠭᠭᠤᠯ᠎ᠠᠴᠠ ᠭᠠᠷᠭᠠᠬᠤ》 ᠰᠢᠷᠢᠰ ᠬᠡᠷᠡᠭᠯᠡᠭᠡᠨ ᠦ ᠬᠠᠮᠵᠢᠯᠴᠠᠭᠠᠨ᠎ᠤ ᠠᠵᠢᠯᠯᠠᠭ᠎ᠠ ᠠᠩᠬ᠎ᠠ ᠤᠳᠠᠭ᠎ᠠ ᠱᠠᠩᠬᠠᠢ᠎ᠳᠤ ᠶᠠᠪᠤᠭᠳᠠᠵᠤ ᠪᠠᠶ᠋ᠢᠭ᠎ᠠ ᠶᠠᠪᠤᠳᠠᠯ ᠪᠣᠯᠤᠨ᠎ᠠ᠃
ᠳᠤᠰ ᠠᠵᠢᠯᠯᠠᠭ᠎ᠠ᠎ᠶᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠡᠭᠡᠵᠢᠩ᠎ᠳᠦ ᠰᠠᠭᠤᠭ᠎ᠠ ᠠᠯᠪᠠᠨ ᠬᠡᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠱᠠᠩᠬᠠᠶ᠎ᠳᠤ ᠰᠠᠭᠤᠭ᠎ᠠ ᠠᠯᠪᠠᠨ ᠬᠡᠷ ᠵᠢᠴᠢ ᠪᠡᠭᠡᠵᠢᠩ ᠬᠣᠲᠠ᠎ᠶᠢᠨ ᠭᠦᠳᠡᠭᠡ ᠠᠵᠤ ᠠᠬᠤᠢ ᠬᠥᠳᠡᠭᠡ ᠲᠣᠰᠬᠣᠨ᠎ᠤ ᠲᠣᠪᠴᠢᠶ᠎ᠠ᠂ ᠪᠡᠭᠡᠵᠢᠩ ᠬᠣᠲᠠ᠎ᠶᠢᠨ ᠨᠢ᠋ᠮᠠᠳᠤᠭᠠᠷ ᠪᠦᠯᠦᠭ᠎ᠦᠨ ᠥᠪᠥᠷ ᠮᠣᠩᠭᠣᠯ᠎ᠢ ᠲᠤᠰᠠᠯᠠᠬᠤ ᠲᠦᠷ ᠴᠠᠭ᠎ᠤᠨ ᠠᠵᠢᠯ᠎ᠤᠨ ᠪᠦᠯᠬᠦᠮ᠂ ᠱᠠᠩᠬᠠᠶ ᠬᠣᠲᠠ᠎ᠶᠢᠨ ᠬᠠᠮᠲᠤᠷᠠᠯᠴᠠᠭ᠎ᠠ ᠰᠣᠯᠢᠯᠴᠠᠭᠠᠨ᠎ᠤ ᠠᠯᠪᠠᠨ ᠬᠡᠷ ᠬᠠᠮᠲᠤᠷᠠᠨ ᠡᠷᠭᠢᠯᠡᠪᠡ᠃ ᠳᠤᠰ ᠠᠵᠢᠯᠯᠠᠭ᠎ᠠ᠎ᠨᠢ ᠱᠠᠩᠬᠠᠶ᠎ᠶᠢᠨ ᠣᠯᠠᠨ ᠤᠯᠤᠰ᠎ᠤᠨ ᠬᠡᠷᠡᠭᠯᠡᠭᠡᠨ᠎ᠦ ᠲᠥᠪ ᠬᠣᠲᠠ᠎ᠶᠢᠨ ᠵᠠᠬ᠎ᠠ ᠳᠡᠯᠭᠡᠭᠦᠷ᠂ ᠠᠷᠠᠯᠵᠢᠶ᠎ᠠ ᠬᠤᠳᠠᠯᠳᠤᠭᠠᠨ᠎ᠤ ᠭᠦᠢᠯᠭᠡᠭᠡᠨ᠎ᠦ ᠣᠯᠠᠨ ᠠᠷᠭ᠎ᠠ ᠵᠠᠮ ᠪᠠ ᠬᠥᠬᠡᠮᠥ᠋ᠷᠡᠨ᠎ᠦ ᠭᠤᠷᠪᠠᠯᠵᠢᠨ ᠬᠣᠶ᠋ᠢᠭ᠎ᠤᠨ ᠥᠷᠭᠡᠨ ᠠᠭᠤᠳᠠᠮ ᠬᠡᠷᠡᠭᠯᠡᠭᠡᠨ᠎ᠦ ᠤᠷᠤᠨ ᠵᠠᠢ ᠵᠡᠷᠭᠡ ᠳᠠᠪᠠᠭᠤᠯᠢᠭ᠎ᠲᠤ᠌ ᠰᠠᠭᠤᠷᠢᠯᠠᠵᠤ᠂ ᠥᠪᠥᠷ ᠮᠣᠩᠭᠣᠯ᠎ᠤᠨ ᠴᠢᠨᠠᠷ ᠰᠠᠶ᠋ᠢᠲᠠᠶ ᠪᠣᠬᠢᠷᠲᠤᠯ ᠥᠬᠡᠶ ᠮᠠᠯ᠎ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠎ᠦ ᠦᠢᠯᠡᠳᠪᠦᠷᠢᠯᠡᠯ ᠪᠣᠷᠣᠯᠠᠭᠤᠯᠭ᠎ᠠ᠎ᠶᠢᠨ ᠵᠠᠮ᠎ᠢ ᠨᠡᠪᠲᠡᠷᠡᠭᠦᠯᠵᠦ᠍᠂ ᠨᠠᠩ ᠶᠡᠬᠡ ᠵᠠᠬ᠎ᠠ ᠳᠡᠯᠭᠡᠭᠦᠷ᠎ᠢ ᠨᠡᠭᠡᠭᠡᠬᠦ᠌᠎ᠶᠢ ᠠᠬᠢᠭᠤᠯᠪᠠ᠃
ᠲᠣᠰ ᠤᠳᠠᠭᠠᠨ᠎ᠤ ᠠᠵᠢᠯᠯᠠᠭ᠎ᠠ᠎ᠶᠢᠨ ᠬᠤᠭᠤᠴᠠᠭᠠᠨ᠎ᠳᠤ᠂ ᠪᠡᠭᠡᠵᠢᠩ ᠥᠪᠥᠷ ᠮᠣᠩᠭᠣᠯ ᠱᠠᠩᠬᠠᠶ ᠵᠡᠷᠭᠡ ᠭᠠᠵᠠᠷ᠎ᠤᠨ ᠲᠣᠮᠣ ᠬᠡᠯᠪᠡᠷᠢ᠎ᠶᠢᠨ ᠬᠤᠳᠠᠯᠳᠤᠨ ᠠᠪᠬᠤ ᠠᠵᠤ ᠠᠬᠤᠶ᠋ᠢᠯᠠᠯ ᠨᠡᠶ᠋ᠢᠲᠡ 4.8 ᠳ᠋ᠦᠩᠰᠢᠭᠤᠷ ᠲᠥᠭᠥᠷᠢᠭ᠎ᠦᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠬᠤᠳᠠᠯᠳᠤᠨ ᠠᠪᠬᠤ ᠵᠥᠪᠯᠡᠯᠴᠡᠭᠡᠷ ᠲᠣᠭᠲᠠᠵᠤ᠂ ᠥᠪᠥᠷ ᠮᠣᠩᠭᠣᠯ᠎ᠤᠨ ᠮᠠᠯ᠎ᠤᠨ ᠠᠰᠢᠭ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠤ 《ᠱᠠᠩᠬᠠᠶ᠎ᠳᠤ ᠣᠷᠣᠵᠤ ᠭᠠᠳᠠᠭᠠᠳᠦ᠎ᠳᠦ ᠭᠠᠷᠬᠤ》 ᠪᠣᠷᠣᠯᠠᠭᠤᠯᠭ᠎ᠠ᠎ᠶᠢᠨ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠬᠡᠪᠡ᠃ ᠠᠵᠢᠯᠯᠠᠭ᠎ᠠ᠎ᠶᠢᠨ ᠬᠤᠭᠤᠴᠠᠭᠠᠨ᠎ᠳᠤ᠂ ᠱᠠᠩᠬᠠᠶ᠎ᠶᠢᠨ ᠳᠠᠯᠠᠢ ᠵᠢᠨ ᠰᠠᠢᠷᠭᠠᠯ᠎ᠳᠡᠬᠢ ᠡᠯ᠎ᠡ ᠠᠶ᠋ᠢᠮᠠᠭ ᠬᠣᠲᠠ᠎ᠶᠢᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠳᠡᠯᠭᠡᠨ ᠪᠣᠷᠣᠯᠠᠭᠤᠯᠬᠤ ᠣᠷᠣᠨ᠎ᠳᠤ ᠬᠥᠷ ᠬᠥᠭᠵᠢᠶᠡᠨ᠎ᠢᠶᠡᠷ ᠪᠢᠯᠬᠠᠵᠦ ᠪᠠᠢᠪᠠ᠃ ᠪᠥᠬᠥ᠌ ᠣᠷᠣᠨ᠎ᠤ 120 ᠭᠠᠷᠤᠶ ᠠᠵᠤ ᠠᠬᠤᠶ᠋ᠢᠯᠠᠯ ᠦᠬᠡᠷ ᠬᠣᠨᠢᠨ ᠮᠢᠬ᠎ᠠ᠂ ᠴᠠᠭᠠᠨ ᠢᠳᠡᠭᠡ᠂ ᠠᠮᠤ ᠲᠣᠰᠣ᠂ ᠭᠠᠷ ᠤᠷᠠᠯᠠᠯ᠎ᠤᠨ ᠪᠦᠲᠦᠭᠡᠭᠳᠡᠬᠦᠨ ᠵᠡᠷᠭᠡ 2000 ᠭᠠᠷᠤᠶ ᠵᠦᠢᠯ ᠦᠨ ᠪᠦᠲᠦᠭᠡᠭᠳᠡᠬᠦᠨ᠎ᠢ ᠳᠡᠯᠬᠡᠨ ᠦᠵᠡᠬᠦᠯᠵᠦ ᠲᠤᠬᠠᠶ᠎ᠶᠢᠨ ᠲᠠᠯᠠᠪᠤᠷ᠎ᠲᠤ᠌ ᠨᠢ ᠠᠮᠲᠠᠯᠠᠭᠤᠯᠵᠤ ᠬᠤᠳᠠᠯᠳᠤᠪᠠ᠃
ᠣᠶ᠋ᠢᠷ᠎ᠠ᠎ᠶᠢᠨ ᠵᠢᠯ᠎ᠦᠨ ᠲᠤᠷᠰᠢ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠲᠣᠭᠲᠠᠴᠠ᠎ᠳᠤ ᠲᠦᠰᠢᠭᠯᠡᠨ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ᠎ᠬᠢᠨ ᠤᠷᠢᠳ ᠬᠣᠵᠢᠳ ᠪᠡᠭᠡᠵᠢᠩ᠂ ᠴᠦᠩᠴᠢᠩ᠂ ᠬᠠᠩᠵᠧᠦ᠂ ᠱᠧᠨᠵᠧᠨ ᠵᠡᠷᠭᠡ ᠭᠠᠵᠠᠷ᠎ᠲᠤ᠌《ᠪᠣᠬᠢᠷᠲᠤᠯ ᠥᠬᠡᠶ ᠪᠦᠲᠦᠭᠡᠭᠳᠡᠬᠦᠨ᠎ᠢ ᠵᠠᠬ᠎ᠠ ᠳᠡᠯᠭᠡᠭᠦᠷ᠎ᠡᠴᠡ ᠭᠠᠷᠭᠠᠬᠤ》 ᠬᠡᠷᠡᠭᠯᠡᠭᠡ᠎ᠶᠢ ᠬᠠᠪᠰᠤᠷᠤᠨ ᠲᠡᠳᠬᠦᠵᠦ᠍ ᠰᠣᠩᠭᠣᠨ ᠲᠠᠨᠢᠯᠴᠠᠭᠤᠯᠬᠤ ᠠᠵᠢᠯᠯᠠᠭ᠎ᠠ ᠥᠷᠨᠢᠭᠦᠯᠦᠭᠰᠡᠨ ᠵᠢᠡᠷ ᠥᠪᠥᠷ ᠮᠣᠩᠭᠣᠯ᠎ᠤᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠪᠣᠷᠣᠯᠠᠭᠤᠯᠭ᠎ᠠ᠎ᠶᠢᠨ ᠬᠡᠮᠵᠢᠶ᠎ᠡ᠎ᠨᠢ 1500 ᠳ᠋ᠦᠩᠰᠢᠭᠤᠷ ᠲᠥᠭᠥᠷᠢᠭ᠎ᠢ ᠳᠠᠪᠠᠵᠠᠶ᠃ ᠡᠨᠡ ᠵᠢᠯ᠎ᠡᠴᠡ ᠨᠠᠭᠠᠰᠢ᠂ ᠪᠣᠷᠣᠯᠠᠭᠤᠯᠭ᠎ᠠ᠎ᠶᠢᠨ ᠬᠡᠮᠵᠢᠶ᠎ᠡ ᠨᠢᠭᠡᠨᠲᠡ 316 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠳᠠᠬᠢᠨᠲᠠ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃
ᠣᠶ᠋ᠢᠯᠠᠭᠠᠭᠰᠠᠨ᠎ᠢᠶᠠᠷ᠂ ᠲᠣᠰ ᠤᠳᠠᠭᠠᠨ᠎ᠤ ᠠᠵᠢᠯᠯᠠᠭ᠎ᠠ 11 ᠰᠠᠷ᠎ᠠ᠎ᠶᠢᠨ 6᠎ᠤ ᠡᠳᠦᠷ ᠱᠠᠩᠬᠠᠶ᠎ᠳᠤ ᠡᠬᠢᠯᠡᠪᠡ᠃ ᠠᠵᠢᠯᠯᠠᠭ᠎ᠠ᠎ᠶᠢᠨ ᠬᠤᠭᠤᠴᠠᠭᠠᠨ᠎ᠳᠤ᠂ ᠡᠯ᠎ᠡ ᠠᠶ᠋ᠢᠮᠠᠭ ᠬᠣᠲᠠ ᠵᠠᠯᠭᠠᠭ᠎ᠠ᠎ᠪᠠᠷ ᠭᠤᠤᠯ ᠰᠡᠳᠦᠪᠲᠦ᠍ ᠡᠳᠦᠷ᠎ᠦᠨ ᠠᠵᠢᠯᠯᠠᠭ᠎ᠠ ᠡᠷᠭᠢᠯᠡᠵᠦ᠍᠂ ᠤᠨᠴᠠᠯᠢᠬᠳᠤ ᠪᠦᠲᠦᠭᠡᠭᠳᠡᠬᠦᠨ᠎ᠢ ᠲᠠᠨᠢᠯᠴᠠᠭᠤᠯᠬᠤ᠂ ᠵᠠᠬᠢᠶᠠᠯᠠᠭ᠎ᠠ᠎ᠶᠢ ᠴᠤᠭᠯᠠᠭᠤᠯᠤᠨ ᠬᠤᠳᠠᠯᠳᠤᠨ ᠠᠪᠬᠤ ᠭᠡᠷ᠎ᠡ ᠲᠣᠭᠲᠠᠬᠤ᠂ ᠰᠦᠯᠵᠢᠶ᠎ᠡ᠎ᠪᠡᠷ ᠳᠡᠯᠭᠡᠨ ᠬᠤᠳᠠᠯᠳᠤᠵᠤ ᠰᠢᠭᠤᠳ ᠨᠡᠪᠲᠡᠷᠡᠭᠦᠯᠬᠦ᠌ ᠵᠡᠷᠭᠡ ᠶᠠᠪᠤᠴᠠ ᠪᠠᠷ ᠳᠠᠪᠠᠭᠤᠯᠢᠭ ᠣᠨᠴᠠᠯᠢᠭ᠎ᠢᠶᠠᠨ ᠳᠡᠯᠭᠡᠨ ᠦᠵᠡᠭᠦᠯᠵᠦ᠍᠂ ᠨᠠᠩ ᠣᠯᠠᠨ ᠥᠪᠥᠷ ᠮᠣᠩᠭᠣᠯ᠎ᠤᠨ ᠴᠢᠨᠠᠷ ᠰᠠᠶ᠋ᠢᠲᠠᠶ ᠪᠣᠬᠢᠷᠲᠤᠯ ᠥᠬᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠬᠥᠬᠡᠮᠥ᠋ᠷᠡᠨ᠎ᠦ ᠭᠤᠷᠪᠠᠯᠵᠢᠨ ᠬᠣᠶ᠋ᠢᠭ᠎ᠲᠦ ᠥᠷᠭᠡᠨ ᠠᠭᠤᠳᠠᠮ ᠵᠠᠬ᠎ᠠ ᠳᠡᠯᠭᠡᠭᠦᠷ᠎ᠲᠡᠶ ᠪᠣᠯᠬᠤ᠎ᠶᠢ ᠠᠬᠢᠭᠤᠯᠪᠠ᠃ ᠪᠠᠰᠠ 2 ᠲᠠᠯᠠᠪᠤᠷ ᠥᠪᠥᠷ ᠮᠣᠩᠭᠣᠯ᠎ᠤᠨ ᠤᠨᠴᠠᠯᠢᠬᠳᠤ ᠤᠷᠠᠨ ᠰᠠᠶ᠋ᠢᠬᠠᠨ᠎ᠤ ᠦᠵᠡᠭᠦᠯᠭᠡ᠎ᠶᠢᠨ ᠲᠣᠭᠯᠠᠯᠲᠠ ᠭᠠᠷᠭᠠᠵᠤ᠂ ᠲᠤᠬᠠᠢ᠎ᠶᠢᠨ ᠲᠠᠯᠠᠪᠠᠢ᠎ᠳᠤ 6 ᠲᠦᠮᠡ ᠰᠢᠬᠠᠮ ᠬᠤᠳᠠ᠎ᠶᠢᠨ ᠠᠷᠠᠳ ᠲᠣᠭᠯᠠᠯᠲᠠ᠎ᠶᠢ ᠰᠣᠨᠢᠷᠬᠠᠵᠤ᠂ ᠰᠦᠯᠵᠢᠶᠡᠨ᠎ᠤ ᠰᠢᠭᠤᠳ ᠨᠡᠪᠲᠡᠷᠡᠭᠦᠯᠭᠡ ᠵᠢᠨ ᠳᠠᠷᠤᠮ᠎ᠤᠨ ᠲᠣᠭ᠎ᠠ 200 ᠲᠦᠮᠡᠨ ᠬᠥᠮᠦᠨ ᠤᠳᠠᠭ᠎ᠠ᠎ᠶᠢ ᠳᠠᠪᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃