ᠲᠡᠷᠢᠭᠦᠨ ᠨᠢᠭᠤᠷ>ᠵᠢᠷᠭᠢᠶ᠎ᠡ>ᠠᠮᠢ ᠠᠬᠤᠢ

2026-11-17 12:19:18

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠠᠬᠢ ᠪᠤᠳᠤᠯᠳᠠ ᠵᠢᠨ ᠬᠦᠴᠦᠨ ᠵᠢᠡᠷ ᠲᠤᠯᠭᠠᠭᠤᠷᠢᠯᠠᠬᠤ》ᠠᠵᠠ ᠲᠣᠬᠢᠶᠠᠯ᠎ᠢ ᠠᠮᠵᠢᠵᠤ᠂ ᠰᠢᠯᠢ᠎ᠶᠢᠨ ᠭᠣᠣᠯ ᠠᠢᠮᠠᠭ᠎ᠤᠨ ᠬᠡᠲᠦ ᠲᠣᠮᠣ᠌ ᠬᠡᠯᠪᠡᠷᠢ᠎ᠶᠢᠨ ᠪᠤᠳᠤᠯᠲᠠ᠎ᠶᠢᠨ ᠲᠥᠪ ︱ ᠥᠪᠥᠷ ᠮᠣᠩᠭᠣᠯ᠎ᠤᠨ ᠲᠣᠮᠣ᠌ ᠣᠷᠣᠨᠲᠤ ᠣᠶᠤᠨᠴᠢ ᠪᠤᠳᠤᠯᠲᠠ ᠵᠢᠨ ᠲᠣᠮᠣ᠌ ᠳ᠋ᠠᠢᠲ᠋ᠠ᠎ᠶᠢᠨ ᠠᠵᠤ ᠦᠢᠯᠡᠰ᠎ᠦᠨ ᠰᠠᠭᠤᠷᠢᠨ᠎ᠤ ᠲᠥᠷᠥᠯ ᠵᠦᠢᠯ (ᠨᠢᠭᠡᠳᠦᠭᠡᠷ ᠬᠤᠭᠤᠴᠠᠭ᠎ᠠ) ᠨᠢ ᠨᠢᠭᠡᠨᠲᠡ ᠤᠯᠤᠰ᠎ᠤᠨ ᠬᠢᠨᠠᠨ ᠵᠥᠪᠰᠢᠶᠡᠷᠡᠯ᠎ᠢᠶᠡᠷ ᠪᠠᠲᠤᠯᠠᠭᠳᠠᠵᠠᠢ᠂ ᠤᠳᠤ ᠶᠠᠭ ᠭᠠᠵᠠᠷ ᠬᠡᠷᠡᠭᠯᠡᠬᠦ᠂ ᠴᠠᠬᠢᠯᠭᠠᠨ ᠬᠠᠩᠭᠠᠬᠤ ᠵᠡᠷᠭᠡ ᠭᠠᠷ ᠭᠦᠢᠴᠡᠳᠬᠡᠯ᠎ᠢᠶᠠᠨ ᠭᠦᠢᠴᠡᠳᠬᠡᠵᠦ᠂ ᠢᠷᠡᠭᠡᠳᠦᠢ ᠎ᠳᠤ ᠲᠤᠬᠠᠢ᠎ᠶᠢᠨ ᠭᠠᠵᠠᠷ᠎ᠤᠨ ᠪᠣᠬᠢᠷᠲᠤᠯ ᠦᠭᠡᠢ ᠪᠣᠳᠣᠯᠲᠠ᠎ᠶᠢᠨ ᠬᠡᠪ ᠳᠠᠭᠤᠷᠢᠶᠠᠯ᠎ᠤᠨ ᠲᠦᠷᠦᠯ ᠵᠦᠢᠯ ᠪᠤᠯᠭᠠᠨ ᠴᠤᠭᠴᠠᠯᠠᠬᠤ ᠪᠣᠯᠣᠨ᠎ᠠ᠃

ᠰᠢᠯᠢ᠎ᠶᠢᠨ ᠭᠣᠣᠯ ᠠᠢᠮᠠᠭ ᠪᠤᠬᠢᠷᠳᠤᠯ ᠦᠭᠡᠢ ᠴᠠᠬᠢᠯᠭᠠᠨ᠂ ᠬᠦᠢᠲᠡᠨ ᠰᠡᠷᠢᠭᠦᠨ ᠠᠭᠤᠷ ᠠᠮᠢᠰᠬᠤᠯ᠂ ᠭᠠᠵᠠᠷ ᠰᠢᠷᠣᠢ ᠪᠠ ᠪᠡᠭᠡᠵᠢᠩ ᠲᠢᠶᠠᠨᠵᠢᠨ ᠾᠧᠪᠧᠢ᠎ᠲᠠᠢ ᠣᠶ᠋ᠢᠷᠠᠯᠴᠠᠭ᠎ᠠ ᠣᠷᠣᠨ ᠪᠠᠢᠷᠢ᠎ᠶᠢᠨ ᠳᠠᠪᠠᠭᠤᠯᠢᠭ᠋᠎ᠲᠠᠭᠠᠨ ᠲᠦᠰᠢᠭᠯᠡᠨ ᠂ 《ᠡᠮᠦᠨᠡᠲᠦ ᠪᠡᠶ᠎ᠡ ᠵᠢᠨ ᠣᠶᠤᠨᠴᠢ ᠪᠤᠳᠤᠯᠲᠠ ᠵᠢᠨ ᠲᠥᠪᠯᠡᠷᠡᠯ ᠣᠷᠣᠨ᠂ ᠪᠠᠷᠠᠭᠤᠨ ᠪᠡᠶ᠎ᠡ ᠵᠢᠨ ᠬᠢᠯᠢ ᠠᠯᠤᠰᠯᠠᠭᠰᠠᠨ ᠵᠠᠬᠠᠴᠢᠯᠠᠭᠰᠠᠨ ᠪᠤᠳᠤᠯᠲᠠ ᠵᠢᠨ ᠰᠦᠷᠦᠭᠵᠢᠯ᠂ ᠳᠤᠮᠳᠠ ᠪᠡᠶ᠎ᠡ ᠵᠢᠨ ᠲᠣᠭᠠᠴᠢᠯᠠᠭᠰᠠᠨ ᠠᠵᠤ ᠦᠢᠯᠡᠰ᠎ᠦᠨ ᠥᠨᠳᠥᠷᠯᠢᠭ ᠭᠠᠵᠠᠷ》 ᠎ᠤᠨ ᠪᠠᠢᠷᠢᠰᠢᠭᠤᠯᠤᠯᠲᠠ ᠵᠢ ᠪᠠᠢᠭᠤᠯᠵᠤ ᠪᠠᠢᠨ᠎ᠠ᠄ ᠲᠠᠶ᠋ᠢᠹᠤᠰᠧ ᠬᠣᠰᠢᠭᠤ᠎ᠪᠠᠷ ᠪᠡᠭᠡᠵᠢᠩ ᠲᠢᠶᠠᠨᠵᠢᠨ ᠾᠧᠪᠧᠢ᠎ᠶᠢᠨ ᠣᠶᠤᠨᠴᠢ ᠪᠤᠲᠤᠯᠲᠠ᠎ᠶᠢ ᠵᠠᠯᠭᠠᠭᠤᠯᠵᠤ᠂ ᠡᠷᠢᠶᠡᠨ ᠬᠣᠲᠠ ᠪᠡᠷ ᠣᠷᠣᠰ ᠮᠣᠩᠭᠣᠯ ᠡᠸᠦ᠋ᠷᠦᠫᠡ᠎ᠳᠤ ᠬᠠᠨᠳᠤᠭᠤᠯᠤᠭᠰᠠᠨ ᠬᠢᠯᠢ ᠠᠯᠤᠰᠯᠠᠭᠰᠠᠨ ᠪᠣᠳᠣᠯᠲᠠ ᠵᠢᠨ ᠬᠦᠴᠦᠨ ᠬᠠᠩᠭᠠᠨ᠎ᠠ︔ ᠡᠮᠦᠨ᠎ᠠ ᠪᠡᠶ᠎ᠡ᠎ᠡᠴᠡ ᠪᠡᠭᠡᠵᠢᠩ ᠬᠦᠷᠬᠦ ᠬᠤᠭᠤᠴᠠᠭᠠᠨ᠎ᠤ ᠠᠯᠤᠰᠯᠠᠯ ᠨᠢ 4 — 5 ᠮᠢᠯᠢᠰᠸᠺᠦ᠋ᠨ᠋ᠳ᠋᠂ ᠴᠢᠭᠤᠯᠤᠯᠲᠤ ᠬᠠᠭᠠᠯᠭ᠎ᠠ ᠬᠦᠷᠬᠦ᠎ᠨᠢ 2 ᠮᠢᠯᠢᠰᠸᠺᠦ᠋ᠨ᠋ᠳ᠋ ᠪᠣᠯᠲᠠᠯ᠎ᠠ ᠪᠤᠭᠤᠨᠢᠰᠤᠨ᠎ᠠ᠃ ᠪᠥᠬᠥ ᠠᠢᠮᠠᠭ᠎ᠤᠨ ᠰᠠᠯᠬᠢ ᠪᠠ ᠭᠡᠷᠡᠯ᠎ᠤᠨ ᠡᠬᠢ ᠪᠠᠶᠠᠯᠢᠭ᠋ ᠡᠯᠪᠡᠭ ᠪᠠᠢᠵᠤ᠂ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ 2570 ᠲᠦᠮᠡᠨ ᠺᠢᠯᠣᠸᠠᠲ᠎ᠲᠤ ᠬᠦᠷᠴᠦ᠂ ᠪᠤᠬᠢᠷᠳᠤᠯ ᠦᠭᠡᠢ ᠴᠠᠬᠢᠯᠭᠠᠨ ᠲᠠᠢ ᠰᠢᠭᠤᠳ ᠬᠣᠯᠪᠣᠵᠤ᠂ ᠪᠠᠢᠭᠠᠯᠢᠯᠢᠭ ᠬᠦᠢᠲᠡᠨ᠎ᠤ ᠡᠬᠢ ᠰᠤᠷᠪᠤᠯᠵᠢ᠎ᠶᠢ ᠠᠰᠢᠭ᠍ᠯᠠᠨ ᠡᠨᠧᠷᠭᠢ᠎ᠶᠢᠨ ᠬᠣᠷᠣᠭᠳᠠᠯ ᠪᠠ ᠥᠪᠡᠷ᠎ᠦᠨ ᠥᠷᠲᠡᠭ᠎ᠢ ᠪᠠᠭᠤᠷᠠᠭᠤᠯᠵᠤ ᠪᠣᠯᠣᠨ᠎ᠠ᠃

ᠲᠥᠷᠥᠯ ᠵᠦᠢᠯ ᠪᠠᠢᠭᠤᠯᠤᠭᠳᠠᠭᠰᠠᠨ᠎ᠤ ᠳᠠᠷᠠᠭ᠎ᠠ᠂ AI ᠲᠣᠮᠣ᠌ ᠵᠠᠭᠪᠤᠷ᠎ᠢ ᠪᠤᠯᠪᠠᠰᠤᠷᠠᠭᠤᠯᠬᠤ᠂ ᠰᠢᠨᠵᠢᠯᠡᠬᠦ ᠤᠬᠠᠭᠠᠨᠴᠢ ᠪᠣᠳᠣᠯᠲᠠ᠂ ᠠᠵᠤ ᠦᠢᠯᠡᠳᠪᠦᠷᠢ᠎ᠶᠢᠨ ᠳᠠᠭᠤᠷᠢᠶᠠᠮᠠᠯ ᠵᠡᠷᠭᠡ ᠥᠨᠳᠥᠷ ᠪᠤᠳᠤᠯᠲᠠ᠎ᠶᠢᠨ ᠲᠤᠬᠠᠢᠯᠠᠭᠰᠠᠨ ᠠᠵᠢᠯ᠎ᠢ ᠭᠥᠯᠢᠶᠡᠨ ᠠᠪᠴᠤ᠂ ᠡᠵᠡᠩᠨᠡᠯᠲᠡ᠎ᠶᠢᠨ ᠥᠪᠡᠷ᠎ᠦᠨ ᠥᠷᠲᠡᠭ ᠨᠢ ᠠᠵᠢᠯ ᠲᠥᠷᠥᠯ᠎ᠦᠨ ᠳᠤᠮᠳᠠᠴᠢ ᠬᠡᠮᠵᠢᠶᠡᠨ᠎ᠡᠴᠡ 18%᠎ᠭᠠᠷᠤᠢ ᠪᠡᠷ ᠳᠤᠷᠤᠭᠰᠢᠯᠠᠬᠤ ᠪᠣᠯᠣᠮᠵᠢ᠎ᠲᠠᠢ᠃ ᠲᠤᠬᠠᠢ᠎ᠶᠢᠨ ᠭᠠᠵᠠᠷ᠎ᠤᠨ ᠬᠢᠨ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠪᠤᠬᠢᠷᠳᠤᠯ ᠦᠭᠡᠢ ᠴᠠᠬᠢᠯᠭᠠᠨ᠂ ᠰᠦᠯᠵᠢᠶᠡᠨ᠎ᠦ ᠪᠠᠲᠤᠯᠠᠭ᠎ᠠ᠎ᠶᠢ ᠦᠷᠭᠦᠯᠵᠢᠯᠡᠨ ᠰᠠᠢᠲᠤᠷ ᠬᠢᠵᠦ᠂ ᠪᠤᠳᠤᠯᠲᠠ ᠵᠢᠨ ᠬᠦᠴᠦᠨ ᠪᠠ ᠴᠠᠬᠢᠯᠭᠠᠨ ᠬᠦᠴᠦᠨ᠂ ᠪᠤᠳᠤᠯᠲᠠ ᠵᠢᠨ ᠬᠦᠴᠦᠨ ᠪᠠ ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠎ᠠ ᠵᠢ ᠭᠦᠨᠵᠡᠭᠡᠢᠷᠡᠭᠦᠯᠵᠦ᠂ ᠪᠣᠬᠢᠷᠲᠤᠯ ᠦᠭᠡᠢ ᠪᠤᠳᠤᠯᠲᠠ᠎ᠶᠢᠨ ᠰᠦᠷᠦᠭᠵᠢᠯ᠎ᠢ ᠪᠤᠵᠠᠭᠠᠢᠷᠠᠭᠤᠯᠵᠤ᠂《ᠪᠡᠭᠡᠵᠢᠩ᠎ᠦᠨ ᠲᠣᠭ᠎ᠠ ᠪᠠᠷᠢᠮᠲᠠ ᠵᠢ ᠰᠢᠯᠢ ᠵᠢᠨ ᠭᠤᠤᠯ᠎ᠳᠤ ᠪᠤᠳᠤᠬᠤ·ᠤᠮᠠᠷᠠᠲᠤ ᠬᠢᠯᠢ ᠵᠢᠨ ᠡᠭᠦᠯᠡᠨ ᠬᠦᠨᠳᠡᠢ》ᠵᠢᠨ ᠨᠡᠷᠡᠳᠤ ᠲᠡᠮᠳᠡᠭ᠎ᠢ ᠭᠢᠯᠠᠯᠵᠠᠭᠤᠯᠤᠨ᠎ᠠ᠃

ᠢᠷᠡᠯᠲᠡ ᠄ ᠰᠢᠯᠢ ᠵᠢᠨ ᠭᠤᠤᠯ ᠠᠢᠮᠠᠭ᠎ᠤᠨ ᠬᠠᠮ ᠵᠠᠭᠤᠴᠢᠠᠯᠭᠤᠷ᠎ᠤᠨ ᠵᠢᠷᠭᠢᠶ᠎ᠡ ᠵᠢᠨ ᠲᠠᠪᠴᠠᠩ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面