2026-10-15 10:24:00
10 ᠰᠠᠷ᠎ᠠ᠎ᠶᠢᠨ 11᠎ᠦ ᠡᠳᠦᠷ᠂ ᠠᠷᠤ ᠬᠣᠷᠴᠢᠨ ᠬᠣᠰᠢᠭᠤᠨ ᠤ ᠴᠠᠶ᠋ᠢᠳᠠᠮ ᠪᠠᠭ᠎ᠠ ᠰᠤᠷᠭᠠᠭᠤᠯᠢ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 77 ᠵᠢᠯ᠎ᠦᠨ ᠣᠶ ᠵᠢᠴᠢ ᠰᠤᠷᠭᠠᠭᠤᠯᠢ ᠪᠠᠢᠭᠤᠯᠤᠭᠳᠠᠭᠰᠠᠨ 90 ᠵᠢᠯ᠎ᠦᠨ ᠣᠶ ᠪᠠᠨ ᠪᠡᠯᠭᠡᠯᠡᠪᠠ᠃ ᠤᠨ ᠵᠢᠯ ᠤ᠋ᠨ ᠰᠠᠯᠬᠢ ᠪᠤᠷᠤᠭᠠᠨ ᠳ᠋ᠥ ᠲᠠᠪᠳᠠᠭᠳᠠᠨ᠂ ᠶᠡᠷᠡᠨ ᠬᠠᠪᠤᠷ ᠨᠠᠮᠤᠷ᠎ᠢ ᠡᠯᠡᠭᠡᠭᠰᠡᠨ ᠴᠠᠶ᠋ᠢᠳᠠᠮ ᠰᠤᠷᠭᠠᠭᠤᠯᠢ ᠨᠢ 90 ᠵᠢᠯ ᠤᠨ ᠤᠢ ᠪᠡᠨ ᠪᠡᠯᠭᠡᠯᠡᠬᠦ ᠠᠵᠢᠯᠯᠠᠭ᠎ᠠ᠎ᠪᠡᠷ ᠰᠢᠨ᠎ᠡ ᠡᠬᠢᠯᠡᠯᠲᠡ᠎ᠶᠢᠨ ᠴᠡᠭ ᠪᠣᠯᠭᠠᠵᠤ᠂ ᠦᠨᠳᠦᠰᠦᠨ ᠱᠠᠲᠤᠨ ᠤ᠋ ᠰᠤᠷᠭᠠᠨ ᠬᠥᠮᠦᠵᠢᠯ ᠢ᠋ ᠨᠡᠩ ᠰᠠᠢᠲᠤᠷ ᠡᠷᠬᠢᠯᠡᠵᠦ᠂ ᠰᠢᠨ᠎ᠡ ᠴᠠᠭ ᠦᠶ᠎ᠡ᠎ᠳᠤ ᠨᠡᠩ ᠣᠯᠠᠨ ᠴᠢᠳᠠᠪᠤᠷᠢᠲᠠᠨ᠎ᠢ ᠬᠥᠮᠥᠵᠢᠭᠦᠯᠬᠦ ᠵᠤᠷᠢᠯᠳᠠ ᠪᠡᠨ ᠢᠯᠡᠷᠬᠡᠢᠯᠡᠭᠰᠡᠨ ᠪᠠᠢᠨ᠎ᠠ ᠃




ᠡᠬᠢᠯᠡᠯᠳᠡ ᠵᠢᠨ ᠶᠣᠰᠣᠯᠠᠯ᠎ᠳᠤ ᠤᠯᠤᠰ᠎ᠤᠨ ᠲᠤᠭ᠎ᠤᠨ ᠡᠩᠨᠡᠬᠡ᠂ ᠰᠤᠷᠭᠠᠭᠤᠯᠢ᠎ᠶᠢᠨ ᠲᠤᠭ᠎ᠤᠨ ᠡᠩᠨᠡᠬᠡ᠂ 90 ᠵᠢᠯ᠎ᠦᠨ ᠤᠢ᠎ᠶᠢᠨ ᠰᠤᠷᠭᠠᠭᠤᠯᠢ᠎ᠶᠢᠨ ᠪᠠᠶᠠᠷ᠎ᠤᠨ ᠰᠦᠯᠳᠡ ᠲᠡᠮᠳᠡᠭ᠎ᠤᠨ ᠡᠩᠨᠡᠬᠡ ᠬᠠᠮᠤᠭ᠎ᠤᠨ ᠲᠦᠷᠦᠭᠦᠨ᠎ᠳᠦ ᠲᠠᠯᠠᠪᠠᠢ᠎ᠳᠤ ᠣᠷᠣᠵᠤ᠂ ᠳᠠᠷᠠᠭ᠎ᠠ ᠨᠢ 56 ᠦᠨᠳᠦᠰᠦᠲᠡᠨ᠎ᠦ ᠬᠤᠪᠴᠠᠰᠤ ᠵᠠᠰᠠᠯ᠎ᠤᠨ ᠡᠩᠨᠡᠬᠡ᠂ ᠰᠣᠷᠣᠭ᠍ᠴᠢᠳ᠎ᠤᠨ ᠡᠩᠨᠡᠬᠡ᠂ ᠠᠵᠢᠯ᠎ᠠᠴᠠ᠎ᠪᠠᠨ ᠠᠮᠠᠷᠠᠭᠰᠠᠨ ᠪᠠᠭ᠍ᠰᠢ ᠪᠠ ᠠᠵᠢᠯᠯᠠᠵᠤ ᠦᠩᠭᠡᠷᠡᠭᠰᠡᠨ ᠪᠠᠬ᠍ᠰᠢᠶᠢᠨ ᠡᠩᠨᠡᠬᠡ᠂ ᠰᠤᠷᠤᠯᠭ᠎ᠠ ᠵᠢᠨ ᠬᠠᠨᠢᠳᠠᠳ᠎ᠤᠨ ᠲᠥᠯᠥᠭᠡᠯᠡᠭᠴᠢ᠎ᠶᠢᠨ ᠡᠩᠨᠡᠬᠡ ᠲᠠᠯᠠᠪᠠᠢ᠎ᠳᠤ ᠣᠷᠣᠪᠠ᠃ ᠳᠠᠷᠠᠭ᠎ᠠ ᠨᠢ ᠦᠨᠳᠦᠰᠦᠳᠡᠨ ᠤ᠋ ᠬᠤᠪᠴᠠᠰᠤ ᠵᠠᠰᠠᠯ᠎ᠤᠨ ᠡᠩᠨᠡᠬᠡ᠂ 《ᠡᠷ᠎ᠡ᠎ᠶᠢᠨ ᠭᠤᠷᠪᠠᠨ ᠨᠠᠭᠠᠳᠤᠮ》᠎ᠤᠨ ᠡᠩᠨᠡᠬᠡ ᠲᠠᠯᠠᠪᠠᠢ᠎ᠳᠤ ᠣᠷᠣᠵᠤ᠂ ᠦᠨᠳᠦᠰᠦᠲᠡᠨ᠎ᠦ ᠵᠠᠩ ᠠᠭᠠᠯᠢ ᠪᠠ ᠰᠣᠶᠣᠯ᠎ᠤᠨ ᠣᠨᠴᠠᠯᠢᠭ᠋᠎ᠢ ᠠᠮᠢᠳᠤᠯᠢᠭ᠋᠎ᠢᠶᠠᠷ ᠢᠯᠡᠳᠭᠡᠪᠡ᠃
ᠶᠣᠰᠣᠯᠠᠯ᠎ᠳᠦ᠂ ᠴᠠᠢᠳᠠᠮ ᠪᠠᠭ᠎ᠠ ᠰᠤᠷᠭᠠᠭᠤᠯᠢ᠎ᠶᠢᠨ 90 ᠵᠢᠯ᠎ᠦᠨ ᠲᠤᠷᠰᠢᠬᠢ ᠰᠤᠷᠭᠠᠭᠤᠯᠢ ᠡᠷᠬᠢᠯᠡᠭᠰᠡᠨ ᠥᠩᠭᠡᠷᠡᠯᠲᠡ᠎ᠶᠢ ᠡᠷᠬᠢᠴᠡᠬᠦᠯᠤᠨ᠂ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠠᠬᠠᠮᠠᠳ ᠵᠠᠬᠢᠷᠤᠯ᠂ ᠠᠬᠠᠮᠠᠳ ᠪᠠᠭ᠍ᠰᠢ ᠨᠠᠷ᠎ᠲᠤ ᠲᠠᠯᠠᠷᠬᠠᠯ ᠳᠡᠪᠰᠢᠬᠦᠯᠵᠠᠢ᠃ ᠨᠡᠢᠭᠡᠮ᠎ᠦᠨ ᠡᠯ᠎ᠡ ᠡᠲᠡᠭᠡᠳ᠎ᠦᠨ ᠬᠥᠮᠥᠰ ᠡᠬᠡ ᠰᠤᠷᠭᠠᠭᠤᠯᠢ ᠳ᠋ᠠᠭᠠᠨ ᠨᠣᠮ ᠪᠢᠴᠢᠭ ᠪᠣᠯᠣᠨ ᠤᠷᠠᠨ ᠪᠢᠴᠢᠯᠭᠡ᠎ᠶᠢᠨ ᠪᠦᠲᠦᠭᠡᠯ᠎ᠢᠶᠡᠨ ᠪᠡᠯᠡᠭᠯᠡᠭᠰᠡᠨ ᠪᠥᠭᠡᠳ 《ᠴᠠᠶ᠋ᠢᠳᠠᠮ᠎ᠤᠨ ᠰᠤᠷᠭᠠᠨ ᠬᠥᠮᠦᠵᠢᠯ᠎ᠦᠨ ᠣᠢᠯᠠᠯᠭ᠎ᠠ》 ᠶ᠋ᠢ ᠲᠠᠷᠬᠠᠭᠠᠬᠤ ᠶᠣᠰᠣᠯᠠᠯ ᠶᠠᠪᠤᠬ᠍ᠳᠠᠭᠤᠯᠵᠦ᠂ ᠴᠠᠢᠳᠠᠮ ᠪᠠᠭ᠎ᠠ ᠰᠤᠷᠭᠠᠭᠤᠯᠢ᠎ᠶᠢᠨ ᠰᠤᠷᠤᠬ᠍ᠴᠢᠳ ᠪᠠ ᠰᠤᠷᠤᠯᠭ᠎ᠠ᠎ᠶᠢᠨ ᠬᠠᠨᠢᠳᠠᠳ᠎ᠤᠨ ᠤᠷᠡᠨ ᠰᠠᠢᠬᠠᠨ᠎ᠤ ᠲᠣᠭᠯᠠᠯᠲᠠ ᠡᠷᠬᠢᠯᠡᠵᠦ᠂ ᠠᠩᠬᠠᠳᠤᠭᠠᠷ ᠬᠤᠭᠤᠴᠠᠭᠠᠨ᠎ᠤ 《ᠴᠠᠶ᠋ᠢᠳᠠᠮ ᠬᠤᠨᠳᠠᠭᠠᠲᠤ》 256 ᠪᠠᠭᠠᠴᠤᠳ᠎ᠤᠨ ᠮᠣᠩᠭᠣᠯ ᠪᠥᠬᠡ᠎ᠶᠢᠨ ᠤᠷᠤᠯᠳᠤᠭᠠᠨ ᠥᠷᠨᠢᠭᠦᠯᠵᠦ᠂ ᠶᠤᠰᠤᠯᠠᠯ ᠤᠨ ᠪᠦᠬᠦ ᠠᠵᠢᠯᠯᠠᠭ᠎ᠠ ᠤᠳᠬ᠎ᠠ ᠳᠡᠬᠦᠯᠳᠡᠷ ᠪᠤᠯᠤᠬᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃