2026-10-15 10:20:02
ᠲᠦᠷᠦᠭᠦᠬᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠤᠯᠭ᠎ᠠ ᠵᠢ ᠲᠡᠳᠬᠦᠬᠦ ᠲᠥᠪ 2026-2027 ᠰᠤᠷᠤᠯᠭ᠎ᠠ᠎ᠶᠢᠨ ᠣᠨ᠎ᠤ ᠭᠡᠷ ᠪᠦᠯᠢ᠎ᠨᠢ ᠶᠠᠳᠠᠭᠤ ᠬᠦᠴᠢᠷᠳᠡᠯᠲᠡᠢ ᠰᠤᠷᠤᠭ᠍ᠴᠢᠳ᠎ᠢ ᠮᠠᠭᠠᠳᠯᠠᠨ ᠲᠣᠭᠲᠠᠭᠠᠬᠤ ᠠᠵᠢᠯ᠎ᠢ ᠪᠥᠬᠥ ᠲᠠᠯ᠎ᠠ᠎ᠪᠠᠷ ᠡᠬᠢᠯᠡᠭᠦᠯᠵᠡᠢ᠂ ᠳᠤᠰ ᠳᠦᠪ ᠨᠢ ᠰᠢᠨᠵᠢᠯᠡᠬᠦ ᠤᠬᠠᠭᠠᠨᠴᠢ᠂ ᠵᠢᠷᠤᠮᠵᠢᠭᠤᠨ ᠶᠠᠪᠤᠴᠠ ᠪᠡᠷ ᠳᠡᠮᠵᠢᠭᠤᠯᠤᠨ᠂ ᠲᠤᠰᠠᠯᠠᠮᠵᠢ ᠭᠥᠷᠳᠡᠬᠦ ᠡᠲᠡᠭᠡᠳ᠎ᠢ ᠣᠨᠣᠪᠴᠢᠲᠠᠶ ᠢᠯᠭᠠᠨ ᠲᠤᠭᠲᠠᠭᠠᠵᠤ᠂ ᠶᠠᠳᠠᠭᠤ ᠬᠦᠴᠢᠷᠳᠡᠯᠲᠡᠢ ᠭᠡᠷ ᠪᠦᠯᠢ᠎ᠶᠢᠨ ᠰᠤᠷᠤᠭ᠍ᠴᠢᠳ᠎ᠤᠨ ᠠᠵᠤ ᠠᠬᠤᠢ᠎ᠶᠢᠨ ᠳᠠᠷᠤᠭᠠᠰᠤ᠎ᠶᠢ ᠦᠨᠡᠨ ᠬᠦ᠌ ᠬᠥᠩᠭᠡᠷᠡᠭᠦᠯᠵᠦ᠂ ᠰᠠᠨᠠᠭ᠎ᠠ ᠠᠮᠤᠷ ᠰᠤᠷᠤᠯᠴᠠᠬᠤ ᠪᠠ ᠬᠦᠮᠦᠵᠢᠨ ᠪᠣᠢᠵᠢᠬᠤ᠎ᠳᠤ ᠬᠦᠴᠦᠨ ᠨᠡᠮᠡᠷᠢᠯᠡᠬᠦ ᠵᠢ ᠵᠤᠷᠢᠵᠠᠢ᠃
ᠲᠣᠰ ᠤᠳᠠᠭᠠᠨ᠎ᠤ ᠮᠠᠭᠠᠳᠯᠠᠨ ᠲᠣᠭᠲᠠᠭᠠᠬᠤ ᠠᠵᠢᠯ ᠨᠢ ᠪᠥᠬᠥ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ᠎ᠶᠢ ᠬᠠᠮᠤᠷᠴᠤ᠂ ᠠᠮᠢᠳᠤᠷᠠᠯ᠎ᠤᠨ ᠨᠠᠭᠠᠲᠤ ᠵᠠᠬ᠎ᠠ᠎ᠶᠢᠨ ᠪᠠᠲᠤᠯᠠᠭ᠎ᠠ᠎ᠳᠦ ᠭᠡᠷ ᠪᠦᠯᠢ᠂ ᠣᠨᠴᠠ ᠬᠦᠴᠢᠷᠳᠡᠯᠲᠡᠢ ᠠᠰᠠᠷᠠᠨ ᠲᠡᠵᠢᠭᠡᠵᠦ ᠪᠠᠢᠭ᠎ᠠ ᠰᠤᠷᠤᠭᠴᠢ᠂ ᠵᠡᠮᠳᠡᠭ ᠰᠣᠷᠣᠭ᠍ᠴᠢ᠂ ᠦᠷᠡᠭᠳᠡᠭᠰᠡᠨ ᠪᠠᠭᠠᠲᠤᠷᠴᠤᠳ᠎ᠤᠨ ᠦᠷ᠎ᠡ ᠬᠡᠦᠬᠡᠳ ᠵᠢᠴᠢ ᠭᠡᠨᠡᠳᠲᠡ ᠵᠢᠨ ᠬᠡᠷᠡᠭ᠎ᠠᠴᠠ ᠪᠣᠯᠵᠤ ᠶᠠᠳᠠᠭᠤᠷᠠᠭᠰᠠᠨ ᠰᠣᠷᠣᠭ᠍ᠴᠢᠳ᠎ᠢ ᠭᠤᠤᠯᠳᠠᠯᠭ᠎ᠠ ᠲᠠᠢ ᠳᠡᠳᠬᠦᠨ᠎ᠠ᠃ ᠲᠤᠰᠠᠯᠠᠮᠵᠢ ᠵᠢᠨ ᠨᠠᠷᠢᠯᠢᠭ᠋ ᠣᠨᠣᠴᠠᠲᠠᠢ᠎ᠪᠠᠷ ᠬᠦᠷᠭᠡᠭᠳᠡᠬᠦ᠎ᠶᠢ ᠪᠠᠲᠤᠯᠠᠬᠤ᠎ᠶᠢᠨ ᠲᠥᠯᠥᠭᠡ᠂ ᠡᠯ᠎ᠡ ᠰᠤᠷᠭᠠᠭᠤᠯᠢ ᠨᠡᠢᠳᠡᠮ᠎ᠳᠡᠭᠡᠨ ᠰᠢᠨᠵᠢᠯᠡᠬᠦ ᠤᠬᠠᠭᠠᠨᠴᠢ ᠬᠡᠮᠵᠢᠶᠡᠵᠢᠭᠦᠯᠦᠭᠰᠡᠨ ᠭᠦᠢᠴᠡᠳᠬᠡᠯ ᠲᠣᠭᠠᠨ᠎ᠤ ᠰᠢᠰᠲᠧᠮ᠎ᠢ ᠬᠡᠷᠡᠭᠯᠡᠬᠦ᠎ᠶᠢᠨ ᠬᠠᠮᠲᠤ ᠲᠣᠮᠣ᠌ ᠳ᠋ᠠᠢᠲ᠋ᠠ᠎ᠶᠢᠨ ᠬᠠᠷᠢᠴᠠᠭᠤᠯᠬᠤ ᠮᠡᠷᠭᠡᠵᠢᠯ᠎ᠢ ᠭᠦᠨᠵᠡᠭᠡᠢ ᠠᠭᠤᠰᠤᠯᠴᠠᠭᠤᠯᠵᠤ᠂ ᠭᠤᠶᠤᠴᠢᠯᠠᠯᠲᠠ ᠳᠡᠪᠰᠢᠭᠦᠯᠦᠭᠰᠡᠨ ᠮᠡᠳᠡᠭᠡ ᠵᠠᠩᠭᠢ᠎ᠳᠤ ᠣᠯᠠᠨ ᠲᠠᠰ ᠳᠠᠪᠬᠤᠷᠭ᠎ᠠ᠂ ᠪᠣᠰᠣᠭ᠎ᠠ ᠴᠣᠭᠴᠠᠲᠤ ᠬᠠᠷᠭᠤᠭᠤᠯᠤᠨ ᠪᠠᠢᠴᠠᠭᠠᠯᠲᠠ ᠬᠢᠵᠦ᠂ ᠲᠤᠰᠠᠯᠠᠮᠵᠢ ᠵᠢᠨ ᠠᠵᠢᠯ᠎ᠳᠤ《ᠨᠢᠭᠡ ᠬᠥᠮᠥᠨ᠎ᠢ ᠴᠦ᠍ ᠣᠷᠬᠢᠭ᠍ᠳᠠᠭᠤᠯᠬᠤ ᠦᠭᠡᠢ᠂ ᠨᠢᠭᠡ ᠬᠥᠮᠥᠨ᠎ᠢ ᠴᠦ᠍ ᠪᠤᠷᠤᠭᠤᠳᠠᠭᠤᠯᠬᠤ ᠦᠭᠡᠢ》ᠪᠠᠢᠬᠤ᠎ᠶᠢ ᠦᠨᠡᠨ ᠬᠦ᠌ ᠪᠠᠲᠤᠯᠠᠪᠠ᠃ ᠡᠭᠦᠨ᠎ᠦ ᠬᠠᠮᠲᠤ᠂ ᠨᠠᠷᠢᠨ ᠵᠦᠢᠯᠡᠰ᠎ᠢ ᠰᠢᠯᠢᠳᠡᠭᠵᠢᠭᠦᠯᠵᠦ᠂ ᠬᠠᠮᠠᠭᠠᠯᠠᠬᠤ ᠶᠤᠰᠤᠳᠠᠢ ᠮᠡᠳᠡᠭᠡ ᠵᠠᠩᠭᠢ᠎ᠶᠢ ᠢᠯᠡ ᠪᠣᠯᠭᠠᠬᠤ᠎ᠠᠴᠠ ᠵᠠᠢᠯᠠᠰᠬᠢᠵᠦ᠂ ᠵᠣᠭᠣᠰ᠎ᠢᠶᠠᠷ ᠲᠤᠰᠠᠯᠠᠬᠤ ᠠᠵᠢᠯ᠎ᠤᠨ ᠬᠠᠯᠠᠭᠤᠨ ᠳᠤᠯᠠᠭᠠᠨ ᠪᠠ ᠬᠥᠮᠥᠨᠴᠢ ᠬᠠᠯᠠᠮᠵᠢᠯᠠᠯ᠎ᠢ ᠭᠦᠢᠴᠡᠳ ᠢᠯᠡᠷᠡᠭᠦᠯᠪᠡ᠃
ᠣᠢᠯᠠᠭᠠᠭᠰᠠᠨ᠎ᠢᠶᠠᠷ᠂ ᠮᠠᠭᠠᠳᠯᠠᠨ ᠲᠣᠭᠲᠠᠭᠠᠬᠤ ᠠᠵᠢᠯ ᠡᠮᠬᠢ ᠵᠢᠷᠤᠮ᠎ᠲᠠᠢ ᠶᠠᠪᠤᠭᠳᠠᠬᠤ᠎ᠶᠢ ᠳᠠᠭᠠᠯᠳᠤᠨ᠂ ᠡᠯ᠎ᠡ ᠵᠦᠢᠯ᠎ᠦᠨ ᠰᠤᠷᠤᠯᠭ᠎ᠠ᠎ᠶᠢᠨ ᠱᠠᠩᠨᠠᠯ ᠪᠠ ᠲᠡᠳᠬᠦᠮᠵᠢ᠎ᠶᠢᠨ ᠮᠥᠩᠭᠥ᠎ᠶᠢ ᠬᠢᠨᠠᠨ ᠲᠣᠭᠲᠠᠭᠠᠬᠤ ᠵᠢᠴᠢ ᠣᠯᠭᠣᠬᠤ ᠠᠵᠢᠯ ᠴᠤ᠌ ᠵᠠᠯᠭᠠᠭ᠎ᠠ᠎ᠪᠠᠷ ᠶᠠᠪᠤᠭᠳᠠᠬᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠤᠯᠭ᠎ᠠ᠎ᠶᠢ ᠲᠡᠳᠬᠦᠬᠦ ᠲᠥᠪ ᠨᠢ《ᠨᠢᠭᠡ ᠰᠣᠷᠣᠭ᠍ᠴᠢ᠎ᠶᠢ ᠴᠤ᠌ ᠭᠡᠷ ᠪᠦᠯᠢ᠎ᠶᠢᠨ ᠠᠵᠤ ᠠᠬᠤᠢ᠎ᠶᠢᠨ ᠬᠦᠴᠢᠷᠳᠡᠯ᠎ᠡᠴᠡ ᠪᠣᠯᠵᠤ ᠰᠤᠷᠤᠯᠭ᠎ᠠ ᠠᠯᠳᠠᠭᠤᠯᠬᠤ ᠦᠭᠡᠢ》ᠭᠡᠰᠡᠨ ᠠᠮᠠᠯᠠᠯᠲᠠ᠎ᠪᠠᠨ ᠦᠷᠭᠦᠯᠵᠢᠯᠡᠨ ᠪᠠᠷᠢᠮᠲᠠᠯᠠᠵᠤ᠂ ᠮᠠᠭᠠᠳᠯᠠᠨ ᠲᠣᠭᠲᠠᠭᠠᠬᠤ ᠠᠵᠢᠯ᠎ᠤᠨ ᠠᠬᠢᠴᠠ᠎ᠶᠢ ᠦᠷᠭᠦᠯᠵᠢᠯᠡᠨ ᠮᠥᠷᠳᠡᠨ᠂ ᠬᠥᠳᠡᠯᠦᠩᠭᠦᠢ ᠬᠠᠮᠢᠶᠠᠷᠤᠯᠲᠠ ᠪᠠ ᠬᠢᠨᠠᠯᠲᠠ ᠲᠠᠯᠪᠢᠯᠲᠠ᠎ᠪᠠᠨ ᠴᠢᠩᠭᠠᠳᠬᠠᠵᠤ᠂ ᠲᠤᠰᠠᠯᠠᠮᠵᠢ᠎ᠶᠢᠨ ᠪᠡᠯᠡ ᠮᠥᠩᠭᠥ᠎ᠶᠢ ᠵᠢᠷᠤᠮᠵᠢᠯ᠎ᠲᠠᠢ᠂ ᠠᠮᠤᠷ ᠲᠦᠪᠰᠢᠨ᠂ ᠥᠨᠳᠥᠷ ᠪᠦᠲᠦᠮᠵᠢᠲᠡᠶ ᠬᠡᠷᠡᠭᠯᠡᠬᠦ᠎ᠶᠢ ᠦᠨᠡᠨ ᠬᠦ᠌ ᠪᠠᠲᠤᠯᠠᠵᠤ᠂ ᠪᠥᠬᠥ ᠣᠷᠣᠨ᠎ᠤ ᠭᠡᠷ ᠪᠦᠯᠢ ᠨᠢ ᠶᠠᠳᠠᠭᠤ ᠬᠦᠴᠢᠷᠳᠡᠯᠲᠡᠢ ᠰᠤᠷᠤᠭ᠍ᠴᠢᠳ᠎ᠤᠨ ᠤᠷᠤᠭᠰᠢᠲᠠᠢ ᠪᠡᠷ ᠴᠢᠳᠠᠪᠤᠷᠢᠲᠠᠨ ᠪᠣᠯᠬᠤ᠎ᠶᠢ ᠪᠠᠲᠤᠯᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃