ᠲᠡᠷᠢᠭᠦᠨ ᠨᠢᠭᠤᠷ>ᠵᠢᠷᠭᠢᠶ᠎ᠡ>ᠰᠤᠶᠤᠯ ᠤᠷᠠᠯᠢᠭ

2026-10-15 11:27:13

ᠵᠣᠬᠢᠶᠠᠭ᠍ᠴᠢ᠄ ᠰᠢᠨᠵᠢᠯᠡᠲᠦ ᠬᠠᠪᠤᠷ᠎ ᠰᠠᠷᠠᠨᠴᠡᠴᠡᠭ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 12 ᠤ᠋ᠨ ᠡᠳᠤᠷ᠂ ᠤᠳᠤᠭ᠎ᠤᠨ ᠡᠮᠦᠨᠡᠳᠤ ᠬᠤᠰᠢᠭᠤᠨ ᠤ᠋ ᠨᠠᠩᠰᠤ ᠪᠠᠯᠭᠠᠰᠤᠨ ᠤ᠋ ᠨᠠᠩᠰᠤ ᠭᠠᠴᠠᠭ᠎ᠠ ᠰᠢᠨ᠎ᠠ ᠪᠠᠷ ᠪᠠᠢᠭᠤᠯᠤᠭᠰᠠᠨ ᠠᠯᠪᠠᠯᠠᠬᠤ ᠭᠠᠵᠠᠷ ᠲᠦ᠍ ᠪᠠᠨ ᠠᠩᠬᠠᠳᠤᠭᠠᠷ ᠬᠤᠭᠤᠴᠠᠭᠠᠨ ᠤ᠋ ᠮᠠᠯᠴᠢᠳ ᠤ᠋ᠨ ᠨᠠᠭᠠᠳᠤᠮ ᠵᠢᠴᠢ ᠬᠦᠳᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠰᠤᠶᠤᠯ ᠪᠡᠶ᠎ᠡ ᠶ᠋ᠢᠨ ᠲᠠᠮᠢᠷ᠎ᠤᠨ ᠠᠵᠢᠯᠯᠠᠭ᠎ᠠ ᠪᠡᠨ ᠠᠮᠵᠢᠯᠳᠠ ᠲᠠᠢ ᠶᠠᠪᠤᠭᠳᠠᠭᠤᠯᠤᠯ᠎ᠠ᠃



ᠨᠠᠭᠠᠳᠤᠮ ᠎ᠤᠨ ᠠᠬᠤᠢ ᠲᠠᠯᠠᠪᠠᠢ ᠳ᠋ᠤ᠌ ᠮᠠᠯᠴᠢᠨ ᠲᠠᠷᠢᠶᠠᠴᠢᠨ ᠵᠢᠴᠢ ᠨᠠᠩᠰᠤ ᠨᠤᠳᠤᠭ ᠲᠦ᠍ ᠠᠵᠢᠯᠯᠠᠵᠤ ᠠᠮᠢᠳᠤᠷᠠᠵᠤ ᠦᠩᠭᠡᠷᠡᠭᠰᠡᠨ ᠰᠡᠭᠡᠭᠡᠳᠡᠳ ᠵᠡᠷᠭᠡ ᠮᠢᠩᠭ᠎ᠠ ᠭᠠᠷᠤᠢ ᠬᠦᠮᠦᠨ ᠬᠤᠷᠠᠨ ᠴᠤᠭᠯᠠᠷᠠᠵᠤ᠂ ᠭᠠᠴᠠᠭᠠᠨ ᠤ᠋ ᠬᠢᠨ ᠤᠢᠷ᠎ᠠ᠎ᠶᠢᠨ ᠵᠢᠯ᠎ᠦᠨ ᠠᠮᠵᠢᠯᠳᠠ ᠪᠦᠳᠦᠮᠵᠢ ᠪᠠᠨ ᠬᠠᠷᠢᠭᠤ ᠮᠡᠳᠡᠬᠦᠯᠵᠦ᠂ ᠬᠤᠢᠰᠢᠳᠠ᠎ᠶᠢᠨ ᠬᠦᠭᠵᠢᠯᠳᠡ᠎ᠶᠢᠨ ᠰᠡᠳᠬᠢᠴᠡ ᠪᠠᠨ ᠬᠤᠪᠢᠶᠠᠯᠴᠠᠬᠤ ᠶ᠋ᠢᠨ ᠲᠠᠭᠠᠤ 《ᠠᠵᠢᠯᠴᠢ ᠬᠦᠳᠠᠯᠮᠤᠷᠢᠴᠢ ᠪᠠᠶᠠᠵᠢᠯ᠎ᠤᠨ ᠲᠠᠭᠠᠭᠤᠯᠤᠭ᠍ᠴᠢ》᠂《ᠨᠤᠳᠤᠭ᠎ᠤᠨ ᠪᠤᠯᠪᠠᠰᠤᠨ ᠤ᠋ ᠬᠤᠰᠢᠭᠤᠴᠢ》᠂ 《ᠮᠤᠷᠠᠯ ᠰᠤᠷᠳᠠᠬᠤᠨ ᠤ᠋ ᠲᠠᠭᠤᠷᠢᠶᠠᠯ》᠂《ᠠᠵᠤ ᠦᠢᠯᠡᠰᠵᠢᠭᠰᠡᠨ ᠴᠢᠳᠠᠪᠤᠷᠢᠳᠠᠨ》 ᠵᠡᠷᠭᠡ ᠰᠠᠢᠴᠤᠤᠯ ᠵᠢᠡᠨ ᠱᠠᠩᠨᠠᠨ ᠬᠦᠬᠢᠬᠦᠯᠵᠦ᠂ ᠤᠷ᠎ᠠ ᠠᠪᠢᠶᠠᠰ᠎ᠤᠨ ᠦᠵᠡᠬᠦᠯᠭᠡ᠎ᠶᠢᠨ ᠤᠷᠤᠯᠳᠤᠭᠠᠨ᠂ ᠪᠦᠬᠡ ᠪᠠᠷᠢᠯᠳᠤᠬᠤ᠂ ᠮᠤᠷᠢ ᠤᠷᠤᠯᠳᠤᠬᠤ ᠵᠡᠷᠭᠡ ᠤᠯᠠᠮᠵᠢᠯᠠᠯᠳᠦ ᠡᠷ᠎ᠡ᠎ᠶᠢᠨ ᠭᠤᠷᠪᠠᠨ ᠨᠠᠭᠠᠳᠤᠮ᠎ᠢ ᠡᠷᠬᠢᠯᠡᠨ ᠶᠠᠪᠤᠭᠳᠠᠭᠤᠯᠬᠤ ᠶ᠋ᠢᠨ ᠲᠠᠭᠠᠤ ᠡᠯᠪᠡᠭ ᠬᠤᠷᠢᠶᠠᠯᠲᠠ᠎ᠶᠢᠨ ᠦᠷ᠎ᠠ ᠪᠦᠲᠦᠭᠡᠯ᠎ᠢᠶᠡᠨ ᠲᠠᠯᠭᠡᠨ ᠦᠵᠠᠬᠦᠯᠪᠡ᠃



2026 ᠣᠨ᠎ᠳᠤ ᠨᠠᠩᠰᠤ ᠭᠠᠴᠠᠭ᠎ᠠ ᠨᠠᠮ᠎ᠤᠨ ᠪᠠᠶ᠋ᠢᠭᠤᠯᠤᠯᠲᠠ᠎ᠪᠠᠷ  ᠬᠥᠳᠥᠯᠥᠨ ᠳᠠᠭᠠᠭᠤᠯᠵᠤ᠂ ᠡᠯ᠎ᠡ ᠲᠥᠷᠥᠯ᠎ᠦᠨ ᠡᠬᠢ ᠪᠠᠶᠠᠯᠢᠭ᠋᠎ᠢ ᠠᠮᠢᠳᠤᠯᠢᠭᠵᠢᠭᠤᠯᠤᠨ᠂ ᠦᠬᠡᠷ ᠬᠣᠨᠢᠨ ᠮᠢᠬᠠᠨ᠎ᠤ ᠳᠡᠯᠭᠡᠭᠦᠷ᠂ ᠮᠠᠯᠴᠢᠨ ᠠᠢᠯ᠎ᠤᠨ ᠵᠢᠭᠤᠯᠴᠢᠯᠠᠯ᠎ᠢ ᠨᠢᠭᠡ ᠴᠣᠭᠴᠠᠵᠢᠭᠤᠯᠤᠭᠰᠠᠨ ᠠᠵᠤ ᠦᠢᠯᠡᠰ᠎ᠢ ᠬᠦᠭᠵᠢᠬᠦᠯᠵᠦ᠂ ᠮᠠᠯᠴᠢᠳ᠎ᠤᠨ ᠦᠬᠡᠷ ᠬᠣᠨᠢᠨ᠎ᠤ ᠮᠢᠬ᠎ᠠ᠎ᠶᠢ ᠲᠤᠬᠠᠶ᠎ᠶᠢᠨ ᠭᠠᠵᠠᠷ᠎ᠲᠤᠨᠢ ᠬᠣᠷᠢᠶᠠᠨ ᠬᠠᠳᠠᠭᠠᠯᠠᠵᠤ᠂ ᠦᠷᠭᠡᠨ᠎ᠪᠡᠷ ᠪᠤᠷᠤᠯᠠᠭᠤᠯᠵᠤ ᠵᠢᠵᠢᠭᠯᠡᠨ ᠬᠤᠳᠠᠯᠳᠤᠬᠤ᠂ ᠤᠷᠢᠳᠴᠢᠯᠠᠨ ᠡᠳ᠋ᠰᠢᠭᠦᠯᠦᠨ ᠨᠠᠷᠢᠯᠢᠭ᠋ ᠪᠣᠯᠪᠠᠰᠤᠷᠠᠭᠤᠯᠬᠤ ᠠᠷᠭ᠎ᠠ ᠪᠠᠷ ᠲᠠᠷᠢᠶᠠᠯᠠᠩ ᠮᠠᠯ ᠠᠵᠤ ᠠᠬᠤᠶ᠎ᠶᠢᠨ ᠠᠵᠤ ᠦᠢᠯᠡᠰ ᠬᠢᠭᠡᠳ ᠬᠥᠳᠡᠭᠡ ᠲᠣᠰᠬᠣᠨ᠎ᠤ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ᠎ᠢ ᠪᠡᠶᠡᠯᠡᠭᠦᠯᠵᠦ᠂ ᠬᠠᠮᠲᠤ᠎ᠶᠢᠨ ᠣᠷᠣᠯᠭ᠎ᠠ᠎ᠶᠢ ᠨᠡᠮᠡᠭᠳᠡᠭᠦᠯᠬᠦ ᠵᠠᠭᠪᠤᠷ᠎ᠢ ᠪᠤᠢ ᠪᠤᠯᠭᠠᠭᠰᠠᠨ ᠪᠠᠢᠨ᠎ᠠ᠃


ᠨᠠᠩᠰᠤ ᠭᠠᠴᠠᠭᠠᠨ ᠤ᠋ ᠨᠠᠮ᠎ᠤᠨ ᠡᠭᠦᠷ᠎ᠦᠨ ᠲᠡᠳ᠋ ᠱᠦᠵᠢ ᠴᠡᠩᠭᠡᠯᠵᠢᠷᠭᠠᠯ᠄ 《ᠮᠠᠨ ᠤ᠋ ᠭᠠᠴᠠᠭ᠎ᠠ ᠪᠤᠯ ᠪᠦᠬᠦ ᠤᠯᠤᠰ᠎ᠤᠨ ᠪᠤᠯᠪᠠᠰᠤᠨ ᠭᠠᠴᠠᠭ᠎ᠠ ᠲᠤᠰᠬᠤᠨ᠂ ᠦᠪᠠᠷᠳᠡᠭᠡᠨ ᠵᠠᠰᠠᠬᠤ ᠤᠷᠤᠨ ᠤ᠋ ᠰᠢᠨ᠎ᠡ ᠬᠦᠳᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠵᠢᠱ᠌ᠢᠶ᠎ᠡ ᠦᠵᠡᠬᠦᠯᠬᠦ ᠭᠠᠴᠠᠭ᠎ᠠ ᠲᠤᠰᠬᠤᠨ ᠵᠡᠷᠭᠡ ᠮᠠᠰᠢ ᠤᠯᠠᠨ ᠢᠷᠠᠭᠤ ᠠᠯᠳᠠᠷ ᠢ᠋ ᠬᠦᠷᠲᠡᠭᠰᠡᠭᠡᠷ ᠢᠷᠡᠵᠡᠢ᠃ ᠬᠤᠢᠰᠢᠳᠠ ᠪᠢᠳᠠ ᠬᠥᠭᠵᠢᠯᠲᠡ᠎ᠶᠢᠨ ᠬᠡᠯᠪᠡᠷᠢ᠎ᠪᠡᠨ ᠬᠤᠪᠢᠷᠠᠭᠤᠯᠤᠨ ᠡᠬᠢ ᠪᠠᠶᠠᠯᠢᠭ᠋ ᠵᠢᠡᠨ ᠤᠯᠠᠮ ᠠᠮᠢᠳᠤᠯᠢᠭ᠋ ᠵᠢᠡᠷ ᠠᠰᠢᠬᠯᠠᠵᠦ᠂ ᠣᠯᠠᠨ ᠲᠦᠮᠡᠨ ᠳ᠋ᠦ᠍ ᠨᠡᠩ ᠤᠯᠠᠨ ᠪᠤᠳᠠᠳᠤ ᠠᠵᠢᠯ ᠬᠢᠬᠦ ᠪᠡᠷ ᠴᠢᠷᠮᠠᠢᠨ᠎ᠠ》 ᠭᠡᠵᠤ ᠲᠠᠨᠢᠯᠴᠠᠭᠤᠯᠪᠠ᠃

 

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面