ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2025-04-23 11:03:55

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ ᠵᠢᠡᠷ᠂ 《ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢ ᠳᠡᠭᠡᠭᠰᠢᠯᠡᠭᠦᠯᠬᠦ ᠠᠵᠢᠯᠯᠠᠭ᠎ᠠ》᠎ᠪᠠᠷ ᠭᠠᠷᠳᠠᠴᠠ ᠪᠣᠯᠭᠠᠵᠤ᠂ ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠠᠬᠤ ᠲᠤᠰᠬᠠᠢ ᠪᠡᠯᠡ ᠮᠥᠩᠭᠥ᠎ᠶᠢ 1 ᠳ᠋ᠦᠩᠰᠢᠭᠤᠷ ᠲᠥᠭᠥᠷᠢᠭ ᠲᠦᠰᠦᠪᠯᠡᠨ ᠲᠣᠬᠢᠷᠠᠭᠤᠯᠵᠤ᠂ ᠠᠳᠠᠯᠢ ᠬᠤᠭᠤᠴᠠᠭᠠᠨ᠎ᠤ ᠬᠢ᠎ᠡᠴᠡ 157%᠎ᠪᠠᠷ ᠨᠡᠮᠡᠭᠳᠡᠪᠡ᠃

ᠣᠲᠣᠬᠠᠨ ᠪᠣᠯᠲᠠᠯ᠎ᠠ ᠲᠤᠰᠬᠠᠢ ᠪᠡᠯᠡ ᠮᠥᠩᠭᠥ᠎ᠶᠢ ᠨᠢᠭᠡᠨᠲᠡ ᠪᠦᠬᠦᠨ᠎ᠢ ᠪᠠᠭᠤᠯᠭᠠᠵᠤ᠂ ᠲᠦᠮᠡᠨ ᠭᠠᠵᠠᠷ᠎ᠤᠨ ᠴᠠᠢ᠎ᠶᠢᠨ ᠵᠠᠮ᠎ᠢ ᠪᠣᠳᠠᠰ᠎ᠤᠨ ᠪᠤᠰᠤ ᠰᠣᠶᠣᠯ᠎ᠤᠨ ᠥᠪ᠎ᠢᠶᠡᠷ ᠮᠡᠳᠡᠭᠦᠯᠬᠦ᠂ ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠬᠠᠭᠤᠴᠢ ᠰᠤᠳᠤᠯᠤᠯ᠎ᠤᠨ ᠪᠠᠢᠴᠠᠭᠠᠯᠲᠠ᠂ ᠣᠷᠳᠣ᠌ ᠴᠠᠭᠠᠨ ᠬᠡᠷᠡᠮ᠎ᠦᠨ ᠠᠮᠤᠷ ᠲᠦᠪᠰᠢᠨ᠎ᠦ ᠲᠣᠭᠣᠷᠢᠨ ᠪᠠᠢᠴᠠᠭᠠᠯᠲᠠ᠂ ᠶᠤᠸᠠᠨ᠎ᠤ ᠳᠡᠭᠡᠳᠦ ᠨᠡᠢᠰᠯᠡᠯ᠎ᠦᠨ ᠤᠯᠤᠰ ᠤ᠋ᠨ ᠬᠠᠭᠤᠴᠢ ᠰᠤᠳᠤᠯᠤᠯ᠎ᠤᠨ ᠪᠠᠭᠤᠷᠢ᠎ᠶᠢᠨ ᠴᠡᠴᠡᠷᠯᠢᠭ᠎ᠦᠨ ᠲᠥᠯᠦᠪᠵᠢᠭᠦᠯᠭᠡ᠂ ᠶᠤᠸᠠᠨ᠎ᠤ ᠳᠡᠭᠡᠳᠦ ᠨᠡᠢᠰᠯᠡᠯ᠎ᠦᠨ ᠪᠠᠭᠤᠷᠢ᠎ᠶᠢᠨ ᠲᠣᠭᠠᠴᠢᠯᠠᠭᠰᠠᠨ ᠬᠠᠮᠠᠭᠠᠯᠠᠯᠲᠠ᠂ ᠬᠤᠩᠱᠠᠨ᠎ᠤ ᠪᠠᠭᠤᠷᠢ᠎ᠶᠢᠨ ᠰᠦᠷᠦᠭ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠮᠠᠭᠠᠯᠠᠯᠲᠠ᠎ᠶᠢᠨ ᠲᠥᠯᠦᠪᠵᠢᠭᠦᠯᠭᠡ᠂ ᠳᠤᠮᠳᠠᠳᠤ ᠳᠣᠷᠣᠨᠠᠲᠤ᠎ᠶᠢᠨ ᠲᠡᠮᠦᠷ ᠵᠠᠮ᠎ᠤᠨ ᠪᠠᠷᠢᠯᠭ᠎ᠠ᠎ᠶᠢᠨ ᠪᠦᠯᠦᠭ(ᠥᠪᠥᠷ ᠮᠣᠩᠭᠣᠯ᠎ᠤᠨ ᠬᠡᠰᠡᠭ)᠎ᠤᠨ ᠶᠡᠷᠦᠩᠬᠡᠢ ᠬᠠᠮᠠᠭᠠᠯᠠᠯᠲᠠ᠎ᠶᠢᠨ ᠲᠥᠯᠦᠪᠵᠢᠭᠦᠯᠭᠡ ᠵᠡᠷᠭᠡ᠎ᠶᠢ ᠭᠣᠣᠯᠳᠠᠯᠭ᠎ᠠ᠎ᠲᠠᠢ ᠳᠡᠮᠵᠢᠨ᠎ᠡ᠃

ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠰᠣᠶᠣᠯ᠎ᠤᠨ ᠪᠡᠯᠡ ᠮᠥᠩᠭᠥ᠎ᠶᠢᠨ ᠣᠷᠣᠭᠤᠯᠤᠯᠲᠠ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂《ᠤᠮᠠᠷᠠᠲᠤ᠎ᠬᠢᠯᠢ ᠶ᠋ᠢᠨ ᠰᠣᠶᠣᠯ᠎ᠤᠨ ᠪᠠᠢᠭᠤᠯᠤᠯᠲᠠ᠎ᠶᠢ ᠳᠡᠭᠡᠭᠰᠢᠯᠡᠭᠦᠯᠬᠦ ᠠᠵᠢᠯᠯᠠᠭ᠎ᠠ》ᠵᠢᠨ ᠨᠠᠢᠳᠠᠪᠤᠷᠢᠵᠢᠭᠤᠯᠤᠯᠲᠠ᠎ᠶᠢ ᠴᠢᠨᠠᠭᠰᠢᠳᠠ ᠠᠬᠢᠭᠤᠯᠵᠤ᠂ ᠪᠣᠯᠪᠠᠰᠤᠨ᠎ᠤ ᠦᠨᠳᠦᠰᠦ ᠰᠤᠷᠪᠤᠯᠵᠢ᠎ᠶᠢ ᠰᠠᠬᠢᠨ ᠬᠠᠮᠠᠭᠠᠯᠠᠵᠤ᠂ ᠰᠣᠶᠣᠯ᠎ᠤᠨ ᠢᠲᠡᠭᠡᠯ᠎ᠢ ᠬᠥᠭᠵᠢᠭᠡᠬᠦ᠎ᠳᠦ ᠡᠳ᠋᠎ᠦᠨ ᠵᠠᠰᠠᠭ᠎ᠤᠨ ᠬᠦᠴᠦᠨ᠎ᠦ ᠪᠠᠲᠤᠯᠠᠭ᠎ᠠ᠎ᠶᠢ ᠰᠠᠢᠲᠤᠷ ᠬᠢᠬᠦ ᠪᠤᠯᠤᠨ᠎ᠠ᠃

ᠢᠷᠡᠯᠳᠡ᠄ ᠳᠠᠯ᠎ᠠ ᠨᠤᠲᠤᠭ᠎ᠤᠨ ᠡᠭᠦᠯᠡ ᠰᠢᠯᠵᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面