ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2025-12-19 15:44:16

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

2026 ᠣᠨ᠎ᠤ ᠪᠥᠬᠥ᠌ ᠤᠯᠤᠰ᠎ᠤᠨ ᠠᠰᠫᠢᠷᠠᠨᠲ ᠡᠯᠰᠡᠬᠦ᠌ ᠰᠢᠯᠭᠠᠯᠲᠠ ᠤᠳᠠᠯ ᠥᠬᠡᠶ ᠶᠠᠪᠤᠭᠳᠠᠨ᠎ᠠ᠃ ᠰᠢᠯᠭᠠᠯᠲᠠ᠎ᠶᠢᠨ ᠰᠤᠷᠲᠠᠯ ᠰᠢᠯᠭᠠᠯᠲᠠ᠎ᠶᠢᠨ ᠰᠠᠬᠢᠯᠭ᠎ᠠ ᠪᠠᠲᠤ᠎ᠶᠢ ᠴᠢᠩᠳᠠᠯᠠᠵᠤ᠂ ᠰᠢᠯᠭᠠᠯᠲᠠ᠎ᠳᠤ ᠬᠣᠯᠪᠣᠭᠳᠠᠬᠤ ᠬᠠᠤᠯᠢ ᠲᠣᠭᠲᠠᠭᠠᠯ᠎ᠡᠴᠡ ᠵᠥᠷᠢᠴᠡᠭᠰᠡᠨ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠍᠂ ᠤᠯᠤᠰ᠎ᠤᠨ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠲᠥᠪ ᠭᠤᠤᠯᠴᠢ ᠪᠠᠶ᠋ᠢᠬᠤ ᠪᠠ ᠰᠢᠯᠭᠠᠭᠤᠯᠤᠭᠴᠢ᠎ᠶᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭᠠᠯᠠᠬᠤ᠎ᠶᠢᠨ ᠲᠥᠯᠥᠭᠡ᠂ ᠤᠯᠤᠰ᠎ᠤᠨ ᠰᠤᠷᠭᠠᠨ ᠬᠥᠮᠦᠵᠢᠯ᠎ᠦᠨ ᠨᠢᠭᠡᠳᠦᠯᠲᠡᠶ ᠰᠢᠯᠭᠠᠯᠲᠠ᠎ᠶᠢᠨ ᠠᠵᠢᠯ᠎ᠤᠨ ᠶᠠᠮᠤᠨ᠎ᠤ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠬᠣᠯᠪᠣᠭᠳᠠᠯ ᠪᠥᠬᠥᠶ ᠪᠦᠷᠢᠯᠳᠦᠬᠦᠨ ᠨᠢᠭᠡᠴᠢ ᠬᠠᠮᠲᠤᠷᠠᠨ ᠪᠠᠶ᠋ᠢᠷᠢᠯᠠᠭᠤᠯᠵᠤ᠂ ᠵᠡᠷᠭᠡ᠎ᠪᠡᠷ ᠠᠳᠬᠤᠨ ᠬᠠᠮᠲᠤ᠎ᠪᠠᠷ ᠬᠠᠮᠢᠶᠠᠷᠴᠤ᠌᠂ ᠰᠢᠯᠭᠠᠯᠲᠠ᠎ᠶᠢᠨ ᠣᠷᠴᠢᠨ ᠨᠥᠬᠥᠴᠡᠯ᠎ᠢ ᠶᠡᠷᠦᠩᠬᠡᠶ᠋ᠢᠯᠡᠨ ᠵᠠᠰᠠᠪᠠ᠃ ᠰᠢᠯᠭᠠᠯᠲᠠ᠎ᠳᠤ ᠬᠣᠯᠪᠣᠭᠳᠠᠭᠰᠠᠨ ᠬᠠᠤᠯᠢ ᠲᠣᠭᠲᠠᠭᠠᠯ᠎ᠠᠴᠠ ᠵᠥᠷᠢᠴᠡᠭᠰᠡᠨ ᠠᠵᠢᠯᠯᠠᠭ᠎ᠠ᠎ᠳᠤ ᠥᠴᠦᠬᠡᠨ ᠴᠦ᠍ ᠢᠯᠳᠠᠷ ᠬᠠᠶᠠᠬᠤ ᠥᠬᠡᠶ ᠣᠪᠣᠷ᠎ᠢ ᠢᠮᠠᠭᠲᠠ ᠪᠠᠷᠢᠮᠲᠠᠯᠠᠵᠤ᠂ ᠨᠢᠭᠡ᠎ᠶᠢ ᠣᠯᠵᠤ ᠮᠡᠳᠡᠪᠡᠯ ᠨᠢᠭᠡ᠎ᠶᠢ ᠴᠢᠩᠭ᠎ᠠ ᠪᠠᠶ᠋ᠢᠴᠠᠭᠠᠨ ᠰᠢᠢᠳᠪᠦᠷᠢᠯᠡᠵᠦ᠍᠂ ᠶᠠᠭᠠᠬᠢᠭᠰᠠᠨ ᠴᠤ᠌ ᠢᠯᠳᠠᠷ ᠬᠠᠶᠠᠬᠤ ᠥᠬᠡᠶ ᠪᠠᠶ᠋ᠢᠵᠤ᠂ ᠰᠤᠷᠲᠠᠯ ᠴᠢᠬᠡᠴᠢ ᠣᠪᠣᠷ ᠲᠥᠪ᠂ ᠡᠷᠬᠡ ᠲᠡᠭᠰᠢ ᠲᠥᠪ ᠭᠤᠤᠯᠴᠢ ᠰᠢᠯᠭᠠᠯᠲᠠ᠎ᠶᠢᠨ ᠣᠷᠴᠢᠨ ᠨᠥᠬᠥᠴᠡᠯ᠎ᠢ ᠢᠳᠡᠪᠬᠢᠲᠡᠶ ᠪᠣᠶ ᠪᠣᠯᠭᠠᠨ᠎ᠠ᠃


857b947e1833079b6d2f2ed7e707d7d7.jpg


ᠣᠲᠣ ᠨᠡᠶ᠋ᠢᠭᠡᠮ ᠨᠠᠢᠳᠠ᠎ᠳᠦ 2026 ᠣᠨ᠎ᠤ ᠪᠥᠬᠥ᠌ ᠤᠯᠤᠰ᠎ᠤᠨ ᠠᠰᠫᠢᠷᠠᠨᠲ ᠡᠯᠰᠡᠬᠦ᠌ ᠰᠢᠯᠭᠠᠯᠲᠠ᠎ᠶᠢᠨ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠢᠯᠡᠴᠢᠯᠡᠨ ᠮᠡᠳᠡᠭᠦᠯᠬᠦ᠌ ᠤᠲᠠᠰᠤ᠎ᠶᠢ ᠨᠡᠶ᠋ᠢᠲᠡᠯᠡᠶ᠎ᠡ᠂ ᠥᠷᠭᠡᠨ ᠣᠯᠠᠨ ᠰᠢᠯᠭᠠᠭᠤᠯᠤᠭᠴᠢ ᠪᠠ ᠣᠯᠠᠨ ᠲᠦᠮᠡᠨ᠎ᠦ ᠬᠢᠨᠠᠯᠲᠠ ᠲᠠᠯᠪᠢᠬᠤ᠎ᠳᠤ ᠣᠷᠣᠯᠴᠠᠬᠤ᠎ᠶᠢ ᠪᠠᠶᠠᠷᠯᠠᠨ ᠤᠭᠲᠤᠵᠤ ᠪᠠᠶ᠋ᠢᠨ᠎ᠠ᠃

ᠢᠷᠡᠯᠲᠡ᠄ ᠰᠤᠷᠭᠠᠨ ᠬᠥᠮᠦᠵᠢᠯ ᠎ᠦᠨ ᠪᠢᠴᠢᠯ ᠦᠭᠦᠯᠡᠭᠦᠢ ᠳᠠᠪᠴᠠᠡᠭ

ᠳᠤᠮᠳᠠᠳᠤ ᠤᠯᠤᠰ᠎ᠤᠨ ᠰᠤᠷᠭᠠᠨ ᠬᠥᠮᠦᠵᠢᠯ᠎ᠦᠨ ᠰᠣᠨᠢᠨ ᠮᠡᠳᠡᠭᠡᠨ᠎ᠦ ᠰᠦᠯᠵᠢᠶ᠎ᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ ᠭᠤᠸᠠᠩ

ᠣᠷᠴᠢᠭᠤᠯᠤᠭ᠍ᠴᠢ᠄

ᠢᠷᠡᠯᠲᠡ᠄
兼容浏览器的HTML页面