ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-01-12 17:10:22

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2026 ᠤᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠤᠷᠤᠯᠳᠤᠭᠠᠨ᠎ᠤ ᠡᠳᠦᠷ᠎ᠤᠨ ᠲᠤᠬᠢᠷᠠᠭᠤᠯᠤᠯᠳᠠ ᠣᠢᠷ᠎ᠠ᠎ᠳᠤ ᠨᠡᠢᠲᠡᠯᠡᠭᠳᠡᠪᠡ᠃


QQ截图20250224163936.png


2025 ᠣᠨ᠎ᠤ᠎ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠬᠦᠯ ᠪᠦᠮᠪᠦᠭᠡ ᠵᠢᠨ ᠬᠡᠳᠦ ᠳᠡᠰ᠎ᠤᠨ ᠬᠤᠯᠪᠤᠭᠠᠲᠤ ᠤᠷᠤᠯᠳᠤᠭᠠᠨ᠎ᠳᠤ᠂ 12 ᠠᠢᠮᠠᠭ ᠬᠣᠲᠠ᠎ᠶᠢᠨ ᠬᠦᠴᠦᠷᠬᠡᠭ ᠠᠩᠬᠢ 50 ᠲᠠᠯᠠᠪᠤᠷ ᠰᠢᠷᠦᠭᠦᠨ ᠲᠡᠮᠡᠴᠡᠯᠳᠦᠵᠦ᠂ ᠭᠠᠭᠴᠠ ᠲᠠᠯᠠᠪᠤᠷ᠎ᠲᠤ ᠬᠠᠮᠤᠭ᠎ᠤᠨ ᠠᠷᠪᠢᠨ ᠳ᠋ᠠᠭᠠᠨ 4.5 ᠲᠦᠮᠡᠨ ᠬᠥᠮᠥᠨ ᠤᠷᠤᠯᠳᠤᠭᠠᠨ᠎ᠢ ᠰᠣᠨᠢᠷᠬᠠᠵᠤ᠂ ᠪᠢᠯᠧᠲ ᠪᠤᠯᠢᠶᠠᠯᠳᠤᠭᠰᠠᠨ ᠬᠥᠮᠥᠨ᠎ᠦ ᠲᠣᠭ᠎ᠠ 400 ᠲᠦᠮᠡᠨ ᠬᠥᠮᠥᠨ ᠤᠳᠠᠭ᠎ᠠ᠎ᠳᠤ ᠬᠦᠷᠴᠦ᠂ ᠰᠢᠭᠤᠳ ᠨᠡᠪᠲᠡᠷᠡᠭᠦᠯᠭᠡ᠎ᠪᠡᠷ ᠭᠥᠯᠢᠶᠡᠨ ᠠᠪᠴᠤ ᠦᠵᠡᠭᠰᠡᠨ ᠶᠡᠷᠦᠩᠬᠡᠢ ᠬᠥᠮᠥᠨ᠎ᠦ ᠲᠣᠭ᠎ᠠ 2455 ᠲᠦᠮᠡᠨ ᠬᠥᠮᠥᠨ ᠤᠳᠠᠭ᠎ᠠ᠎ᠶᠢ ᠳᠠᠪᠠᠵᠤ᠂ ᠪᠥᠮᠪᠥᠭᠡᠨ ᠬᠤᠷᠤᠬᠠᠢ᠍ᠢᠲᠠᠨ᠎ᠤ ᠲᠤᠭ᠎ᠠ ᠬᠡᠮᠵᠢᠶ᠎ᠠ ᠵᠢ ᠶᠡᠭᠡᠪᠡᠷ ᠥᠷᠭᠡᠳᠬᠡᠪᠡ᠃


QQ截图20260109112408.png


2026 ᠣᠨ᠎ᠳᠤ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠬᠦᠯ ᠪᠦᠮᠪᠦᠭᠡ ᠵᠢᠨ ᠬᠡᠳᠦ ᠳᠡᠰ᠎ᠤᠨ ᠬᠤᠯᠪᠤᠭᠠᠲᠤ ᠤᠷᠤᠯᠳᠤᠭᠠᠨ ᠪᠥᠬᠥ ᠲᠠᠯ᠎ᠠ᠎ᠪᠠᠷ ᠲᠠᠰ ᠳᠡᠪᠰᠢᠪᠡ! 12 ᠬᠦᠴᠦᠷᠬᠡᠭ ᠠᠩᠭᠢ᠂ 79 ᠲᠠᠯᠠᠪᠤᠷ ᠥᠷᠢᠰᠦᠯᠳᠦᠭᠡᠨ ᠨᠢ ᠵᠣᠨ ᠨᠠᠮᠤᠷ᠎ᠤᠨ ᠤᠯᠠᠷᠢᠯ᠎ᠤᠨ ᠵᠢᠭᠤᠯᠴᠢᠯᠠᠯ᠎ᠤᠨ ᠰᠢᠵᠢᠷ ᠠᠯᠲᠠᠨ ᠤᠯᠠᠷᠢᠯ᠎ᠳᠤ ᠰᠠᠭᠠᠳᠠᠵᠤ᠂ 《ᠤᠷᠤᠯᠳᠤᠭᠠᠨ᠎ᠢᠶᠠᠷ ᠵᠢᠭᠤᠯᠴᠢᠯᠠᠯ᠎ᠢ ᠠᠬᠢᠭᠤᠯᠵᠤ᠂ ᠵᠢᠭᠤᠯᠴᠢᠯᠠᠯ ᠵᠢᠡᠷ ᠬᠤᠳᠠᠯᠳᠤᠭ᠎ᠠ᠎ᠶᠢ ᠬᠥᠭᠵᠢᠭᠦᠯᠦᠨ᠂ ᠬᠤᠳᠠᠯᠳᠤᠭ᠎ᠠ ᠎ᠪᠠᠷ ᠲᠠᠮᠢᠷ᠎ᠢ ᠬᠦᠴᠦᠷᠬᠡᠭᠵᠢᠭᠦᠯᠵᠦ》᠂ ᠴᠣ ᠰᠢᠨ᠎ᠡ ᠤᠷᠤᠯᠳᠤᠭᠠᠨ᠎ᠤ ᠬᠡᠷᠡᠭᠯᠡᠭᠡ ᠎ᠶᠢᠨ ᠣᠢᠯᠠᠭᠠᠯᠲᠠ᠎ᠶᠢ ᠡᠬᠢᠯᠡᠬᠦᠯᠬᠦ ᠪᠤᠯᠤᠨ᠎ᠡ᠃

ᠢᠷᠡᠯᠲᠡ᠄ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠲᠣᠪᠴᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面