ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-02-10 16:11:54

ᠵᠣᠬᠢᠶᠠᠭ᠍ᠴᠢ᠄ ᠭᠤᠤ ᠬᠤᠢ ᠣᠩᠱᠢᠭ᠍ᠰᠠᠨ ᠣᠳᠠᠭ᠎ᠠ᠄

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ᠎ᠶᠢᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ 2026 ᠣᠨ᠎ᠤ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠨᠢᠭᠡᠳᠦᠭᠡᠷ ᠭᠠᠷᠠᠭ (2 ᠰᠠᠷ᠎ᠠ᠎ᠶᠢᠨ 2 — 8᠎ᠤ ᠡᠳᠦᠷ ᠪᠤᠯᠲᠠᠯ᠎ᠠ)᠎ᠲᠦ᠂ ᠥᠪᠥᠷ ᠮᠣᠩᠭᠣᠯ᠎ᠤᠨ ᠣᠷᠣᠨ ᠪᠦᠰᠡ ᠠᠯᠤᠰᠯᠠᠭᠰᠠᠨ ᠠᠶᠠᠨᠴᠢᠳ᠎ᠤᠨ ᠵᠥᠭᠡᠭᠡᠪᠦᠷᠢ᠎ᠶᠢᠨ ᠬᠡᠮᠵᠢᠶ᠎ᠡ 1992.82 ᠲᠦᠮᠡᠨ ᠬᠥᠮᠥᠨ ᠤᠳᠠᠭ᠎ᠠ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 2.81%᠎ᠪᠠᠷ ᠨᠡᠮᠡᠭᠳᠡᠪᠡ᠃

ᠡᠨᠡ᠎ᠬᠦ ᠬᠤᠭᠤᠴᠠᠭᠠᠨ᠎ᠳᠦ ᠪᠥᠬᠥ ᠣᠷᠣᠨ᠎ᠤ ᠠᠶᠠᠨᠴᠢᠳ᠎ᠤᠨ ᠲᠡᠷᠭᠡᠨ᠎ᠤ ᠵᠦᠭᠡᠭᠡᠪᠦᠷᠢ᠎ᠶᠢᠨ ᠬᠡᠮᠵᠢᠶ᠎ᠡ 205 ᠲᠦᠮᠡᠨ ᠬᠥᠮᠥᠨ ᠤᠳᠠᠭ᠎ᠠ᠎ᠵᠢ ᠲᠠᠪᠠᠪᠠ᠃ ᠡᠭᠦᠨ᠎ᠳᠦ᠂ ᠵᠠᠰᠠᠮᠠᠯ ᠵᠠᠮ᠎ᠤᠨ ᠬᠢ 31.16 ᠲᠦᠮᠡᠨ ᠬᠥᠮᠥᠨ ᠤᠳᠠᠭ᠎ᠠ᠂ ᠲᠡᠮᠦᠷ ᠵᠠᠮ᠎ᠤᠨ ᠬᠢ 121.32 ᠲᠦᠮᠡᠨ ᠬᠥᠮᠥᠨ ᠤᠳᠠᠭ᠎ᠠ᠂ ᠠᠷᠠᠳ᠎ᠤᠨ ᠠᠭᠠᠷ᠎ᠤᠨ ᠬᠢ 52.74 ᠲᠦᠮᠡᠨ ᠬᠥᠮᠥᠨ ᠤᠳᠠᠭ᠎ᠠ᠎ᠳᠤ ᠬᠦᠷᠪᠡ᠃

ᠲᠦᠷᠭᠡᠨ᠎ᠦ ᠵᠠᠰᠠᠮᠠᠯ ᠵᠠᠮ᠎ᠤᠨ ᠤᠷᠤᠰᠬᠠᠯ᠎ᠤᠨ ᠲᠠᠯ᠎ᠠ᠎ᠪᠠᠷ᠂ ᠪᠥᠬᠥ ᠣᠷᠣᠨ᠎ᠤ ᠲᠦᠷᠭᠡᠨ᠎ᠦ ᠵᠠᠰᠠᠮᠠᠯ ᠵᠠᠮ᠎ᠤᠨ ᠶᠡᠷᠦᠩᠬᠡᠢ ᠤᠷᠤᠰᠬᠠᠯ᠎ᠤᠨ ᠬᠡᠮᠵᠢᠶ᠎ᠡ 243.18 ᠲᠦᠮᠡ ᠬᠦᠷᠪᠡ᠃ ᠠᠶᠠᠨᠴᠢᠳ᠎ᠤᠨ ᠲᠡᠷᠭᠡ 155.21 ᠲᠦᠮᠡ᠂ ᠠᠴᠢᠶᠠᠨ᠎ᠤ ᠮᠠᠰᠢᠨ ᠲᠡᠷᠭᠡ 87.97 ᠲᠦᠮᠡ ᠬᠦᠷᠪᠡ᠃

ᠴᠠᠭᠠᠨ ᠰᠠᠷ᠎ᠠ᠎ᠶᠢᠨ ᠵᠥᠭᠡᠭᠡᠪᠦᠷᠢ᠎ᠡᠴᠡ ᠨᠠᠭᠠᠰᠢ᠂ ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠠᠯᠠᠭ᠎ᠠ ᠮᠥᠴᠢᠷ ᠠᠶᠠᠨᠴᠢᠳ᠎ᠤᠨ ᠠᠮᠤᠷ ᠲᠦᠪᠰᠢᠨ ᠪᠠ ᠡᠮᠬᠢ ᠵᠢᠷᠤᠮ᠎ᠲᠠᠢ ᠠᠶᠠᠯᠠᠬᠤ᠎ᠶᠢ ᠤᠯᠠᠨ ᠠᠷᠭ᠎ᠠ ᠬᠡᠮᠵᠢᠶ᠎ᠡ ᠠᠪᠴᠦ ᠪᠠᠲᠤᠯᠠᠵᠦ ᠪᠤᠢ᠄ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠣᠳᠠᠰ ᠨᠥᠭᠡᠴᠡᠯᠡᠵᠦ᠂ ᠵᠠᠮ ᠬᠠᠷᠢᠯᠴᠠᠭᠠᠨ᠎ᠤ ᠬᠠᠤᠯᠢ ᠡᠴᠡ ᠵᠥᠷᠢᠴᠡᠭᠰᠡᠨ ᠠᠵᠢᠯᠯᠠᠭ᠎ᠠ᠎ᠶᠢ ᠬᠠᠮᠲᠤᠷᠠᠨ ᠴᠡᠭᠴᠡᠯᠡᠨ ᠵᠠᠰᠠᠵᠦ ᠪᠠᠢᠨ᠎ᠠ; ᠠᠷᠠᠳ᠎ᠲᠤ ᠲᠥᠬᠥᠮ ᠦᠵᠡᠭᠦᠯᠬᠦ ᠠᠵᠢᠯ᠎ᠤᠨ ᠪᠠᠢᠷᠢ ᠭᠠᠷᠭᠠᠵᠤ᠂ ᠭᠣᠣᠯᠳᠠᠯᠭ᠎ᠠ᠎ᠲᠠᠢ ᠠᠶᠠᠨᠴᠢᠳ ᠪᠣᠯᠣᠨ ᠰᠢᠨ᠎ᠡ ᠡᠨᠧᠷᠭᠢ᠎ᠶᠢᠨ ᠮᠠᠰᠢᠨ ᠲᠡᠷᠭᠡ᠎ᠶᠢᠨ ᠴᠠᠬᠢᠯᠭᠠᠨ ᠴᠡᠨᠡᠭᠯᠡᠬᠦ ᠬᠡᠷᠡᠭᠴᠡᠭᠡ ᠵᠢ ᠭᠦᠢᠴᠡᠳ ᠬᠠᠨᠭᠭᠠᠵᠦ ᠪᠠᠢᠨ᠎ᠠ; ᠬᠡᠷᠡᠭᠴᠡᠭᠡ᠎ᠶᠢ ᠦᠨᠳᠦᠰᠦᠯᠡᠨ ᠭᠠᠯᠲᠤ ᠲᠡᠷᠭᠡ᠂ ᠨᠢᠰᠭᠡᠯ᠎ᠤᠨ ᠡᠭᠡᠯᠵᠢ ᠤᠳᠠᠭ᠎ᠠ ᠵᠢ ᠨᠡᠮᠡᠵᠦ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄
兼容浏览器的HTML页面