ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-03-24 11:25:12

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

3 ᠰᠠᠷ᠎ᠠ᠎ᠶᠢᠨ 21᠎ᠦ ᠡᠳᠦᠷ ᠪᠣᠯ ᠠᠷᠪᠠᠨ ᠳᠥᠷᠪᠡᠳᠡᠬᠢ ᠤᠯᠠᠨ ᠤᠯᠤᠰ᠎ᠤᠨ ᠤᠢ ᠰᠢᠭᠤᠢ᠎ᠶᠢᠨ ᠡᠳᠦᠷ ᠮᠦᠨ᠂ ᠭᠣᠣᠯ ᠰᠡᠳᠦᠪ ᠨᠢ 《ᠤᠢ ᠰᠢᠭᠤᠢ ᠪᠣᠯᠣᠨ ᠠᠵᠤ ᠠᠬᠤᠢ》 ᠪᠣᠯᠣᠨ᠎ᠠ᠃ ᠰᠤᠷᠪᠤᠯᠵᠢᠯᠠᠭ᠍ᠴᠢ 3 ᠰᠠᠷ᠎ᠠ᠎ᠶᠢᠨ 20᠎ᠤ ᠡᠳᠦᠷ ᠤᠯᠤᠰ᠎ᠤᠨ ᠣᠶ ᠰᠢᠭᠤᠢ ᠨᠤᠲᠤᠭ ᠪᠡᠯᠴᠢᠭᠡᠷ᠎ᠦᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠄ ᠣᠳᠣᠬᠠᠨ᠎ᠳᠤ᠂ ᠮᠠᠨ᠎ᠤ ᠤᠯᠤᠰ᠎ᠤᠨ ᠣᠶ ᠰᠢᠭᠤᠢ᠎ᠶᠢᠨ ᠲᠠᠯᠠᠪᠠᠶ 36.14 ᠳ᠋ᠦᠩᠰᠢᠭᠤᠷ ᠮᠦ᠍᠎ᠳᠦ ᠬᠦᠷᠴᠦ᠂ ᠪᠥᠬᠥ ᠤᠯᠤᠰ᠎ᠤᠨ ᠣᠶ ᠰᠢᠭᠤᠢ᠎ᠶᠢᠨ ᠪᠦᠷᠬᠦᠴᠡ᠎ᠶᠢᠨ ᠨᠣᠷᠮ᠎ᠠ 25.09%᠎ᠳᠤ ᠬᠦᠷᠴᠦ᠂ ᠣᠶ ᠰᠢᠭᠤᠢ᠎ᠶᠢᠨ ᠬᠠᠳᠠᠭᠠᠯᠠᠭᠳᠠᠴᠠ᠎ᠶᠢᠨ ᠬᠡᠮᠵᠢᠶ᠎ᠡ 209.88 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠦ ᠬᠦᠷᠴᠦ᠂ ᠣᠶ ᠰᠢᠭᠤᠢ᠎ᠶᠢᠨ ᠲᠠᠯᠠᠪᠠᠶ ᠪᠠ ᠣᠶ ᠰᠢᠭᠤᠢ᠎ᠶᠢᠨ ᠬᠠᠳᠠᠭᠠᠯᠠᠭᠳᠠᠴᠠ 40 ᠵᠢᠯ ᠳᠠᠷᠠᠭᠠᠯᠠᠨ ᠬᠣᠣᠰ ᠨᠡᠮᠡᠭᠳᠡᠯ᠎ᠢ ᠪᠡᠶᠡᠯᠡᠭᠦᠯᠵᠦ᠂ ᠳᠡᠯᠡᠬᠡᠢ ᠳᠡᠬᠡᠷᠡᠬᠢ ᠨᠣᠭᠣᠭᠠᠷᠠᠭᠤᠯᠤᠯᠲᠠ ᠵᠢᠨ ᠬᠤᠷᠳᠤᠴᠠ ᠬᠠᠮᠤᠭ᠎ᠤᠨ ᠳᠦᠷᠬᠡᠨ ᠤᠯᠤᠰ ᠪᠣᠯᠤᠭᠰᠠᠨ ᠪᠠᠢᠨ᠎ᠠ᠃


QQ截图20260207120745.png


ᠣᠢᠷ᠎ᠠ᠎ᠶᠢᠨ ᠵᠢᠯ᠎ᠡᠴᠡ ᠨᠠᠭᠠᠰᠢ᠂ ᠮᠠᠨ᠎ᠤ ᠤᠯᠤᠰ ᠤᠢ ᠰᠢᠭᠤᠢ ᠡᠪᠡᠰᠦᠨ᠎ᠦ ᠠᠵᠤ ᠦᠢᠯᠡᠰ᠎ᠦᠨ ᠡᠷᠡᠭᠦᠯ᠎ᠢᠶᠡᠷ ᠬᠥᠭᠵᠢᠬᠦ᠎ᠶᠢ ᠦᠷᠭᠦᠯᠵᠢᠯᠡᠨ ᠠᠬᠢᠭᠤᠯᠵᠤ᠂ ᠤᠢ ᠰᠢᠭᠤᠢ ᠡᠪᠡᠰᠦ ᠪᠡᠯᠴᠢᠭᠡᠷ᠎ᠤᠨ ᠠᠵᠤ ᠦᠢᠯᠡᠰ᠎ᠦᠨ ᠵᠢᠯ᠎ᠦᠨ ᠶᠡᠷᠦᠩᠬᠡᠢ ᠪᠦᠲᠦᠭᠡᠭᠳᠡᠬᠦᠨ᠎ᠦ ᠦᠷᠳᠡᠭ ᠨᠢᠭᠡᠨᠲᠡ 11 ᠲᠦᠮᠡᠨ ᠳ᠋ᠦᠩᠰᠢᠭᠤᠷ ᠰᠢᠬᠠᠮ ᠲᠥᠭᠥᠷᠢᠭ᠎ᠲᠦ ᠬᠦᠷᠴᠦ᠂ ᠤᠢ ᠰᠢᠭᠤᠢ᠎ᠶᠢᠨ ᠪᠦᠲᠦᠭᠡᠭᠳᠡᠬᠦᠨ᠎ᠦ ᠵᠢᠯ᠎ᠦᠨ ᠭᠠᠳᠠᠭᠠᠳᠤ ᠣᠷᠣᠭᠤᠯᠤᠯᠲᠠ ᠭᠠᠷᠭᠠᠯᠲᠠ᠎ᠶᠢᠨ ᠠᠷᠠᠯᠵᠢᠶᠠᠨ᠎ᠤ ᠶᠡᠷᠦᠩᠬᠡᠢ ᠬᠡᠮᠵᠢᠶ᠎ᠡ 1800 ᠳ᠋ᠦᠩᠰᠢᠭᠤᠷ ᠳ᠋ᠣᠯᠯᠠᠷ᠎ᠢ ᠳᠠᠪᠠᠵᠤ᠂ ᠤᠢ ᠰᠢᠭᠤᠢ᠎ᠶᠢᠨ ᠢᠳᠡᠭᠡᠨ᠎ᠦ ᠵᠢᠯ᠎ᠦᠨ ᠭᠠᠷᠤᠯᠲᠠ 2.4 ᠳ᠋ᠦᠩᠰᠢᠭᠤᠷ ᠲᠣᠨ᠎ᠢ ᠳᠠᠪᠠᠵᠤ᠂ ᠠᠮᠢ ᠠᠬᠤᠢ᠎ᠶᠢᠨ ᠵᠢᠭᠤᠯᠴᠢᠯᠠᠬᠴᠢᠳ ᠵᠢᠯ ᠎ᠳᠦ 30 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ ᠰᠢᠨ᠎ᠡ ᠪᠡᠷ ᠨᠡᠮᠡᠭᠳᠡᠭᠰᠡᠨ ᠠᠵᠦ ᠠᠬᠤᠢᠯᠠᠯ 30 ᠲᠦᠮᠡ ᠰᠢᠬᠠᠮ ᠪᠤᠯᠪᠠ᠃ ᠣᠶ ᠰᠢᠭᠤᠢ ᠡᠪᠡᠰᠦ ᠪᠡᠯᠴᠢᠭᠡᠷ᠎ᠤᠨ ᠠᠵᠤ ᠦᠢᠯᠡᠰ᠎ᠢᠶᠡᠷ 6000 ᠭᠠᠷᠤᠢ ᠲᠦᠮᠡᠨ ᠬᠥᠮᠥᠨ᠎ᠳᠦ ᠰᠢᠭᠤᠳ ᠠᠵᠢᠯ ᠤᠯᠭᠤᠪᠠ᠃

ᠢᠷᠡᠯᠲᠡ᠄ ᠠᠷᠠᠳ᠎ᠤᠨ ᠡᠳᠦᠷ᠎ᠦᠨ ᠰᠣᠨᠢᠨ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄
兼容浏览器的HTML页面