ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-04-17 16:45:51

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

4 ᠰᠠᠷ᠎ᠠ᠎ᠶᠢᠨ 15᠎ᠤ ᠡᠳᠦᠷ᠎ᠦᠨ 12 ᠴᠠᠭ᠎ᠤᠨ ᠦᠶ᠎ᠡ᠎ᠪᠡᠷ ᠥᠪᠥᠷ ᠮᠣᠩᠭᠣᠯ᠎ᠤᠨ ᠰᠢᠯᠢ᠎ᠶᠢᠨ ᠭᠣᠣᠯ ᠠᠢᠮᠠᠭ᠎ᠤᠨ ᠪᠠᠷᠠᠭᠤᠨ ᠦᠵᠦᠮᠦᠴᠢᠨ ᠬᠣᠰᠢᠭᠤ ᠪᠣᠯᠣᠨ ᠤᠯᠠᠭᠠᠨᠬᠠᠳᠠ ᠬᠤᠲᠠ᠎ᠶᠢᠨ ᠬᠡᠰᠢᠭᠲᠡᠨ ᠬᠣᠰᠢᠭᠤᠨ᠎ᠤ ᠠᠭᠤᠯᠵᠠᠷ᠎ᠲᠤ ᠲᠦᠢᠮᠡᠷ ᠭᠠᠷᠴᠤ᠂ ᠺᠠᠳ᠋ᠷ ᠤᠯᠠᠨ ᠲᠦᠮᠡᠨ ᠪᠣᠯᠣᠨ ᠭᠠᠯ ᠲᠦᠢᠮᠡᠷ᠎ᠢ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠡᠯᠡᠳᠬᠡᠯ ᠠᠩᠭᠢ 10 ᠴᠠᠭ ᠭᠠᠷᠤᠢ ᠤᠨᠳᠠᠷᠠᠭᠠᠬᠰᠠᠨ᠎ᠢᠶᠠᠷ ᠲᠦᠢᠮᠡᠷ᠎ᠢ ᠦᠨᠳᠦᠰᠦᠨ᠎ᠳᠦ᠎ᠪᠡᠨ ᠳᠠᠷᠤᠵᠠᠢ᠃ ᠡᠨᠡ ᠤᠳᠠᠭᠠᠨ᠎ᠤ ᠭᠠᠯ᠎ᠤᠨ ᠠᠶᠤᠯ᠎ᠳᠤ ᠬᠥᠮᠥᠨ ᠬᠠᠷ᠎ᠠ ᠡᠨᠳᠡᠵᠦ ᠰᠢᠷᠬᠠᠲᠤᠭᠰᠠᠨ ᠦᠭᠡᠢ᠃


QQ截图20260417164642.png


ᠲᠠᠨᠢᠯᠴᠠᠭᠤᠯᠤᠭᠰᠠᠨ᠎ᠢᠶᠠᠷ᠂ 4 ᠰᠠᠷ᠎ᠠ᠎ᠶᠢᠨ 15᠎ᠤ ᠡᠳᠦᠷ᠂ ᠲᠦᠢᠮᠡᠷ᠎ᠤᠨ ᠤᠷᠤᠨ᠎ᠳᠤ ᠪᠠᠷᠠᠭᠤᠨ᠎ᠠᠴᠠ ᠰᠠᠯᠬᠢᠯᠠᠵᠤ᠂ ᠰᠠᠯᠬᠢᠨ᠎ᠤ ᠬᠦᠴᠦ ᠨᠢ 5 ᠲᠠᠰ᠎ᠠᠴᠠ 6 ᠲᠠᠰ᠎ᠲᠤ ᠭᠥᠷᠴᠡᠢ᠃ ᠲᠤᠰ ᠤᠳᠠᠭᠠᠨ᠎ᠤ ᠪᠡᠯᠴᠢᠭᠡᠷ᠎ᠤᠨ ᠲᠦᠢᠮᠡᠷ ᠣᠯᠠᠨ ᠴᠡᠭ᠎ᠲᠦ ᠡᠭᠦᠰᠦᠭᠰᠡᠨ ᠪᠠᠢᠳᠠᠯ᠎ᠲᠠᠢ ᠪᠠᠢᠵᠤ᠂ ᠲᠤᠬᠠᠢ᠎ᠶᠢᠨ ᠲᠠᠯᠠᠪᠠᠶ᠎ᠶᠢᠨ ᠰᠠᠯᠬᠢᠨ᠎ᠤ ᠬᠦᠴᠦ ᠨᠡᠯᠢᠶᠡᠳ ᠶᠡᠬᠡ ᠪᠣᠯᠬᠣᠷ ᠭᠠᠯ᠎ᠤᠨ ᠱᠤᠭᠤᠮ ᠪᠠᠷᠤᠭ 10 ᠺᠢᠯᠣᠮᠧᠲᠷ᠎ᠤᠨ ᠵᠠᠢ᠎ᠳᠤ ᠲᠦᠷᠭᠡᠨ ᠥᠷᠭᠡᠵᠢᠭᠰᠡᠨ ᠪᠥᠭᠡᠳ ᠥᠳᠬᠡᠨ ᠬᠠᠷ᠎ᠠ ᠤᠲᠤᠭ᠎ᠠ ᠳᠠᠭᠠᠯᠳᠤᠵᠤ ᠪᠠᠢᠪᠠ᠃

ᠭᠠᠯ ᠤᠨᠲᠠᠷᠠᠭᠠᠬᠤ ᠡᠩᠨᠡᠭᠡ ᠲᠦᠢᠮᠡᠷ᠎ᠤᠨ ᠲᠤᠬᠠᠢ᠎ᠶᠢᠨ ᠲᠠᠯᠠᠪᠠᠶ᠎ᠳᠤ ᠦᠷᠭᠦᠯᠵᠢᠯᠡᠨ ᠭᠠᠯ ᠲᠦᠢᠮᠡᠷ᠎ᠦᠨ ᠪᠠᠢᠳᠠᠯ᠎ᠢ ᠬᠢᠨᠠᠨ ᠬᠡᠮᠵᠢᠬᠦ ᠠᠵᠢᠯ ᠬᠢᠵᠦ᠂ ᠳᠠᠬᠢᠨ ᠨᠣᠴᠣᠬᠤ ᠳᠠᠯᠳᠠ ᠭᠡᠮ᠎ᠢ ᠴᠢᠩᠭ᠎ᠠ ᠰᠡᠷᠭᠡᠢᠯᠡᠭᠰᠡᠨ᠎ᠤ ᠬᠠᠮᠲᠤ ᠲᠦᠢᠮᠡᠷ ᠭᠠᠷᠤᠭᠰᠠᠨ ᠰᠢᠯᠲᠠᠭᠠᠨ᠎ᠢ ᠤᠯᠠᠮ ᠨᠢᠭᠡ ᠠᠯᠬᠤᠮ ᠪᠠᠢᠴᠠᠭᠠᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面