ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-05-27 16:53:21

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

ᠦᠪᠦᠷ ᠮᠤᠨᠭᠭᠤᠯ ᠎ᠤᠨ ᠦᠪᠡᠷᠲᠡᠭᠡᠨ ᠵᠠᠰᠠᠬᠤ ᠤᠷᠤᠨ ᠎ᠤ ᠪᠡᠶ᠎ᠡ᠎ᠶᠢᠨ ᠲᠠᠮᠢᠷ᠎ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂ 5 ᠰᠠᠷ᠎ᠠ᠎ᠶ᠋ᠢᠨ 13 ᠎ᠤ᠋ ᠡᠳᠦᠷ᠎ᠡᠴᠡ 22 ᠎ᠤ᠋ᠨ ᠡᠳᠦᠷ ᠪᠣᠯᠲᠠᠯ᠎ᠠ 2026 ᠣᠨ ᠎ᠤ ᠪᠦᠬᠦ᠌ ᠤᠯᠤᠰ ᠎ᠤᠨ ᠣᠯᠠᠨ ᠤᠯᠤᠰ᠎ᠤᠨ ᠮᠠᠶᠢᠭ᠎ᠤᠨ ᠪᠥᠬᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠵᠧᠵᠢᠶᠠᠩ ᠎ᠮᠤᠵᠢ ᠎ᠶᠢᠨ ᠸᠸᠨᠵᠸᠤ᠎ᠬᠤᠲᠠ᠎ᠳᠦ ᠶᠠᠪᠤᠭ᠍ᠳᠠᠪᠠ᠃

ᠲᠤᠰ ᠤᠳᠠᠭᠠᠨ ᠎ᠤ ᠤᠷᠤᠯᠳᠤᠭᠠᠨ᠎ᠢ ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠎ᠶ᠋ᠢᠨ ᠬᠦᠨᠳᠦ ᠡᠷᠭᠦᠯᠲᠡ ᠪᠦᠭᠡ ᠵᠢᠦᠳᠣᠣ᠎ᠶ᠋ᠢᠨ ᠰᠫᠤᠷᠲ᠎ᠤᠨ ᠬᠠᠮᠢᠶᠠᠷᠤᠯᠲᠠ᠎ᠶ᠋ᠢᠨ ᠲᠥᠪ᠂ ᠳᠤᠮᠳᠠᠳᠤ ᠤᠯᠤᠰ᠎ᠤᠨ ᠪᠥᠬᠡ᠎ᠶ᠋ᠢᠨ ᠨᠡᠢᠭᠡᠮᠯᠢᠭ᠎ᠡᠴᠡ ᠭᠣᠣᠯᠯᠠᠨ ᠡᠷᠬᠢᠯᠡᠵᠦ᠍᠂ ᠸᠸᠨᠵᠸᠤ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠡᠴᠡ ᠳᠠᠭᠠᠭᠠᠴᠢᠯᠠᠨ ᠡᠷᠬᠢᠯᠡᠪᠡ᠃ ᠪᠦᠬᠦ᠌ ᠤᠯᠤᠰ᠎ᠤᠨ 28 ᠮᠤᠵᠢ ᠬᠣᠲᠠ ᠦᠪᠡᠷᠳᠡᠭᠡᠨ ᠵᠠᠰᠠᠬᠤ ᠤᠷᠤᠨ᠎ᠤ 50 ᠭᠠᠷᠤᠶ ᠲᠥᠯᠥᠭᠡᠯᠡᠭ᠌ᠴᠢᠳ ᠎ᠦᠨ ᠠᠩᠭᠢ᠂ 1135 ᠲᠠᠮᠢᠷᠴᠢᠨ ᠤᠷᠤᠯᠳᠤᠭᠠᠨ᠎ᠳᠤ ᠣᠷᠣᠯᠴᠠᠵᠦ᠂ ᠮᠠᠨ ᠎ᠤ ᠤᠷᠤᠨ 63 ᠲᠠᠮᠢᠷᠴᠢᠨ ᠲᠣᠮᠢᠯᠠᠨ ᠣᠷᠣᠯᠴᠠᠭᠤᠯᠪᠠ᠃

10 ᠡᠳᠦᠷ᠎ᠦᠨ ᠱᠢᠷᠦᠭᠦᠨ ᠥᠷᠢᠰᠥᠯᠳᠦᠭᠡᠨ᠎ᠢᠶᠡᠷ ᠳᠠᠮᠵᠢᠨ᠂ ᠦᠪᠦᠷ ᠮᠤᠨᠭᠭᠤᠯ᠎ᠤᠨ ᠠᠨᠭᠭᠢ ᠨᠡᠢ᠌ᠲᠡ 3 ᠠᠯᠲᠠᠨ ᠮᠧᠳᠠᠯ᠂ 2 ᠮᠥᠩᠭᠥᠨ ᠮᠧᠳᠠᠯ᠂ 7 ᠬᠦᠷᠡᠯ ᠮᠧᠳᠠᠯ ᠭᠠᠷᠳᠠᠪᠠ᠃ ᠡᠭᠦᠨ᠎ᠳᠦ ᠪᠤᠶᠠᠨᠵᠠᠶᠠᠭ᠎ᠠ ᠡᠷᠲᠡᠨ᠎ᠦ ᠮᠠᠶᠢᠭ᠎ᠤᠨ ᠪᠥᠬᠡ᠎ᠶ᠋ᠢᠨ 60 ᠺᠢᠯᠣᠭ᠌ᠷᠠᠮ᠎ᠤᠨ ᠲᠡᠰ᠎ᠤᠨ ᠠᠯᠲᠠᠨ ᠮᠧᠳᠠᠯ᠎ᠭᠠᠷᠳᠠᠵᠦ᠂ ᠵᠠᠩ ᠱᠤᠸᠠᠢ ᠡᠮᠡᠭ᠌ᠲᠡᠶ᠎ᠶ᠋ᠢᠨ ᠴᠢᠯᠥᠭᠡᠲᠦ ᠮᠠᠶᠢᠭ᠎ᠤᠨ ᠪᠥᠬᠡ᠎ᠶ᠋ᠢᠨ 65 ᠺᠢᠯᠣᠭ᠌ᠷᠠᠮ᠎ᠤᠨ ᠲᠡᠰ᠎ᠤᠨ ᠠᠯᠲᠠᠨ ᠮᠧᠳᠠᠯ ᠭᠠᠷᠳᠠᠵᠦ᠂ ᠪᠦᠬᠡᠡᠷᠳᠡᠨᠢ ᠡᠷᠡᠭ᠌ᠲᠡᠶ᠎ᠶ᠋ᠢᠨ ᠴᠢᠯᠥᠭᠡᠲᠦ ᠮᠠᠶᠢᠭ᠎ᠤᠨ ᠪᠥᠬᠡ᠎ᠶ᠋ᠢᠨ 125 ᠺᠢᠯᠣᠭ᠌ᠷᠠᠮ᠎ᠤᠨ ᠲᠡᠰ᠎ᠤᠨ ᠠᠯᠲᠠᠨ ᠮᠧᠳᠠᠯ ᠭᠠᠷᠳᠠᠪᠠ᠃ ᠥᠪᠥᠷ ᠮᠣᠩᠭᠣᠯ᠎ᠤᠨ ᠡᠷᠲᠡᠨ᠎ᠦ ᠮᠠᠶᠢᠭ ᠎ᠤᠨ ᠪᠥᠬᠡ᠎ᠶ᠋ᠢᠨ ᠠᠩᠭᠢ᠂ ᠡᠷᠡᠭ᠌ᠲᠡᠶ᠎ᠶ᠋ᠢᠨ ᠴᠢᠯᠥᠭᠡᠲᠦ ᠮᠠᠶᠢᠭ ᠎ᠤᠨ ᠪᠥᠬᠡ ᠎ᠶ᠋ᠢᠨ ᠠᠩᠭᠢ ᠪᠦᠯᠬᠦᠮ ᠎ᠦᠨ ᠶᠡᠷᠦᠩᠬᠡᠶ ᠬᠤᠪᠢ᠎ᠶ᠋ᠢᠨ ᠭᠤᠷᠪᠠᠳᠤᠭᠠᠷ ᠎ᠲᠤ ᠣᠷᠣᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面