ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-06-08 19:23:37

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

ᠪᠠᠰᠠ ᠨᠢᠭᠡᠨ ᠳᠠᠭᠤᠤ ᠬᠥᠭᠵᠢᠮᠲᠦ ᠵᠠᠰᠠᠮᠠᠯ ᠵᠠᠮ ᠨᠡᠪᠲᠡᠷᠡᠪᠡ

6 ᠰᠠᠷ᠎ᠠ᠎ᠶᠢᠨ 3᠎ᠤ ᠡᠳᠦᠷ ᠰᠢᠯᠤᠭᠤᠨ ᠬᠥᠬᠡ ᠬᠣᠰᠢᠭᠤᠨ᠎ᠤ ᠬᠤᠯᠠᠨ ᠰᠢᠷᠭ᠎ᠠ ᠳᠠᠭ᠎ᠠ᠎ᠶᠢᠨ ᠡᠯᠡᠰᠦᠨ᠎ᠳᠡᠬᠢ ᠳᠠᠭᠤᠤ ᠬᠥᠭᠵᠢᠮᠲᠦ ᠵᠠᠰᠠᠮᠠᠯ ᠵᠠᠮ᠎ᠤᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠭᠰᠡᠨ ᠨᠢ ᠰᠦᠯᠵᠢᠶᠡᠨ᠎ᠦ ᠬᠠᠯᠠᠮᠰᠢᠯ ᠪᠤᠯᠵᠦ ᠵᠢᠭᠤᠯᠴᠢᠯᠠᠬᠰᠠᠳ᠎ᠤᠨ ᠪᠠᠬ᠎ᠠ ᠵᠢ ᠳᠠᠳᠠᠬᠰᠠᠨ ᠪᠠᠢᠨ᠎ᠠ ᠃ ᠲᠤᠰ ᠵᠠᠮ᠎ᠤᠨ ᠬᠡᠰᠡᠭ ᠨᠢ ᠬᠤᠯᠠᠨ ᠰᠢᠷᠭ᠎ᠠ ᠳᠠᠭ᠎ᠠ᠎ᠶᠢᠨ ᠡᠯᠡᠰᠦᠷᠬᠡᠭ ᠭᠠᠵᠠᠷ᠎ᠤᠨ ᠴᠡᠴᠡᠷᠯᠢᠭ᠎ᠦᠨ ᠡᠭᠦᠳᠡᠨ᠎ᠤ ᠬᠡᠰᠡᠭ᠎ᠲᠤ ᠪᠠᠢᠷᠢᠯᠠᠵᠤ᠂ ᠲᠡᠷᠭᠡ ᠵᠢᠭᠳᠡ ᠬᠤᠷᠳᠤᠴᠠ᠎ᠪᠠᠷ ᠠᠶᠠᠯᠠᠬᠤ᠎ᠳᠤ ᠵᠠᠮ᠎ᠤᠨ ᠭᠠᠳᠠᠷᠭᠤ᠎ᠶᠢᠨ ᠣᠨᠴᠠᠭᠠᠢ ᠬᠤᠪᠢᠯ᠎ᠢ ᠳᠠᠷᠤᠵᠤ᠂《ᠰᠢᠯᠤᠭᠤᠨ ᠬᠥᠬᠡ》 ᠭᠡᠬᠦ ᠲᠠᠭᠤᠤ ᠵᠢᠨ ᠠᠶ᠎ᠠ ᠰᠤᠨᠤᠰᠳᠠᠬᠤ ᠪᠤᠯᠤᠨ᠎ᠠ᠃ ᠵᠠᠮ᠎ᠤᠨ ᠪᠦᠬᠦ ᠤᠷᠳᠤ ᠨᠢ 567 ᠮᠧᠲᠷ᠂ 1304 ᠲᠡᠭᠰᠢ ᠳᠥᠷᠪᠡᠯᠵᠢᠨ ᠮᠧᠲᠷ᠎ᠤᠨ ᠭᠣᠣᠯ ᠰᠡᠳᠦᠪᠲᠦ ᠵᠠᠮ᠎ᠤᠨ ᠬᠡᠰᠡᠭ᠎ᠢ ᠦᠩᠭᠡᠲᠦ ᠪᠤᠳᠤᠭ᠎ᠵᠢᠡᠷ ᠪᠤᠳᠤᠵᠤ᠂ ᠭᠤᠢᠳᠠ ᠰᠢᠨᠡᠴᠢᠯᠡᠯᠲᠡ ᠪᠦᠬᠦᠢ ᠪᠡᠶᠡᠴᠢᠯᠡᠨ ᠣᠢᠯᠠᠭᠠᠬᠤ ᠵᠠᠮ᠎ᠤᠨ ᠬᠡᠰᠡᠭ᠎ᠢ ᠪᠦᠷᠢᠯᠳᠦᠭᠦᠯᠵᠡᠢ᠃

ᠳᠠᠭᠤᠤ ᠬᠥᠭᠵᠢᠮᠲᠦ ᠵᠠᠰᠠᠮᠠᠯ ᠵᠠᠮ᠎ᠢ ᠠᠰᠢᠭ᠍ᠯᠠᠯᠲᠠ᠎ᠳᠤ ᠣᠷᠣᠭᠤᠯᠤᠭᠰᠠᠨ ᠵᠢᠡᠷ ᠰᠢᠯᠤᠭᠤᠨ ᠬᠥᠬᠡ ᠬᠣᠰᠢᠭᠤᠨ᠎ᠤ ᠲᠠᠯ᠎ᠠ ᠨᠤᠲᠤᠭ᠎ᠵᠢᠡᠷ ᠥᠪᠡᠷ ᠲᠡᠭᠡᠨ ᠲᠡᠷᠭᠡ ᠵᠢᠯᠤᠭᠣᠳᠤᠨ ᠵᠢᠭᠤᠯᠴᠢᠯᠠᠬᠤ ᠣᠨᠴᠠᠯᠢᠭ᠍ᠲᠤ ᠲᠦᠷᠦᠯ ᠲᠡᠮᠳᠡᠭ᠎ᠢ ᠨᠡᠩᠳᠡ ᠠᠯᠳᠠᠷᠰᠢᠭᠤᠯᠬᠤ ᠪᠤᠯᠤᠨ᠎ᠠ᠃ ᠰᠢᠯᠤᠭᠤᠨ ᠬᠥᠬᠡ ᠬᠣᠰᠢᠭᠤ ᠵᠠᠮ ᠳᠠᠭᠠᠤ ᠦᠵᠡᠮᠵᠢ ᠰᠣᠨᠢᠷᠬᠠᠬᠤ ᠦᠷᠳᠡᠬᠡ᠂ ᠲᠡᠷᠭᠡ ᠵᠣᠭᠰᠣᠵᠤ ᠠᠮᠠᠷᠠᠬᠤ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ᠎ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠯᠳᠠᠨᠬᠬᠤ᠎ᠠ ᠴᠡᠴᠡᠭ᠎ᠢ ᠰᠣᠨᠢᠷᠬᠠᠬᠤ᠂ ᠬᠤᠯᠠᠨ ᠰᠢᠷᠭ᠎ᠠ ᠲᠠᠭ᠎ᠠ᠎ᠶᠢᠨ ᠡᠯᠡᠰᠦᠷᠬᠡᠭ ᠭᠠᠵᠠᠷ᠎ᠢ ᠲᠤᠭᠤᠯᠬᠤ᠂ ᠲᠠᠯ᠎ᠠ ᠨᠤᠲᠤᠭ᠎ᠤᠨ ᠵᠠᠩ ᠦᠢᠯᠡ᠎ᠶᠢ ᠪᠡᠶᠡᠴᠢᠯᠡᠨ ᠣᠢᠯᠠᠭᠠᠬᠤ ᠵᠡᠷᠭᠡ ᠣᠨᠴᠠᠯᠢᠭ᠍ᠲᠤ ᠡᠵᠡᠩᠨᠡᠯᠲᠡ᠎ᠶᠢᠨ ᠬᠡᠯᠪᠡᠷᠢ᠎ᠶᠢ ᠬᠣᠯᠪᠤᠭᠠᠯᠠᠨ ᠬᠦᠭᠵᠢᠭᠡᠵᠦ᠂ ᠬᠤᠯᠠᠨ ᠰᠢᠷᠭ᠎ᠠ ᠲᠠᠭ᠎ᠠ᠎ᠶᠢᠨ ᠠᠮᠢ ᠠᠬᠤᠢ᠎ᠶᠢᠨ ᠰᠣᠶᠣᠯ ᠵᠢᠭᠤᠯᠴᠢᠯᠠᠯ᠎ᠤᠨ ᠣᠨᠴᠠᠯᠢᠭ᠍ᠲᠤ ᠲᠦᠷᠦᠯ ᠲᠡᠮᠳᠡᠭ᠎ᠢ ᠦᠷᠭᠦᠯᠵᠢᠯᠡᠨ ᠠᠯᠳᠠᠷᠰᠢᠭᠤᠯᠵᠦ᠂ ᠥᠪᠡᠷ ᠲᠡᠭᠡᠨ ᠲᠡᠷᠭᠡ ᠵᠢᠯᠤᠭᠣᠳᠤᠨ ᠵᠢᠭᠤᠯᠴᠢᠯᠠᠬᠤ᠂ ᠬᠡᠭᠡᠷᠡᠯᠡᠬᠦ᠂ ᠳᠤᠭᠤᠢ ᠤᠨᠤᠵᠤ ᠠᠶᠠᠯᠠᠬᠤ ᠵᠡᠷᠭᠡ ᠤᠯᠠᠨ ᠡᠰᠢᠵᠢᠭᠰᠡᠨ ᠰᠣᠶᠣᠯ ᠵᠢᠭᠤᠯᠴᠢᠯᠠᠯ᠎ᠤᠨ ᠦᠢᠯᠡᠰ᠎ᠢ ᠤᠯᠠᠮ ᠪᠤᠵᠠᠭᠠᠢᠷᠠᠭᠤᠯᠤᠨ᠎ᠠ᠃


ᠢᠷᠡᠯᠲᠡ᠄ ᠱᠠᠩᠳᠤ᠎ᠶᠢᠨ ᠰᠣᠨᠢᠨ ᠮᠡᠳᠡᠭᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄
兼容浏览器的HTML页面