2026-07-10 16:05:01
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ 2026 ᠣᠨ᠎ᠤ ᠠᠩᠬᠠᠳᠤᠭᠠᠷ ᠬᠤᠭᠤᠴᠠᠭᠠᠨ᠎ᠤ ᠠᠽᠢᠶ᠎ᠠ ᠲᠢᠪ᠎ᠦᠨ U23 ᠬᠦᠨᠳᠦ ᠬᠥᠩᠭᠡᠨ ᠪᠡᠶ᠎ᠠ ᠵᠢᠨ ᠲᠠᠮᠢᠷ᠎ᠤᠨ ᠮᠠᠩᠯᠠᠢ ᠰᠢᠯᠭᠠᠷᠠᠭᠤᠯᠬᠤ ᠤᠷᠤᠯᠳᠤᠭᠠᠨ 7 ᠰᠠᠷ᠎ᠠ᠎ᠶᠢᠨ 9᠎ᠦ ᠡᠳᠦᠷ᠎ᠡᠴᠡ 12᠎ᠤᠨ ᠡᠳᠦᠷ ᠪᠣᠯᠲᠠᠯ᠎ᠠ ᠣᠷᠳᠣᠰ ᠬᠣᠲᠠ᠎ᠶᠢᠨ ᠪᠡᠶ᠎ᠡ᠎ᠶᠢᠨ ᠲᠠᠮᠢᠷ᠎ᠤᠨ ᠦᠢᠯᠡᠰ᠎ᠦᠨ ᠬᠥᠭᠵᠢᠯᠲᠡ᠎ᠶᠢᠨ ᠲᠥᠪ᠎ᠦᠨ ᠪᠡᠶ᠎ᠡ᠎ᠶᠢᠨ ᠲᠠᠮᠢᠷ᠎ᠤᠨ ᠲᠠᠯᠠᠪᠠᠶ᠎ᠳᠤ ᠶᠠᠪᠤᠭᠳᠠᠨ᠎ᠠ᠃
ᠲᠣᠰ ᠤᠳᠠᠭᠠᠨ᠎ᠤ ᠤᠷᠤᠯᠳᠤᠭᠠᠨ᠎ᠢ ᠠᠽᠢᠶ᠎ᠠ ᠲᠢᠪ᠎ᠦᠨ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠬᠣᠯᠪᠣᠭ᠎ᠠ᠎ᠠᠴᠠ ᠭᠣᠣᠯᠯᠠᠨ ᠡᠷᠭᠢᠯᠡᠵᠦ᠂ ᠳᠤᠮᠳᠠᠳᠤ ᠤᠯᠤᠰ᠎ᠤᠨ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠨᠡᠢᠭᠡᠮᠯᠢᠭ᠂ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠲᠣᠪᠴᠢᠶ᠎ᠠ᠂ ᠣᠷᠳᠣᠰ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠠᠴᠠ ᠳᠠᠭᠠᠭᠠᠴᠢᠯᠠᠨ ᠡᠷᠭᠢᠯᠡᠪᠡ᠃ 30 ᠰᠢᠬᠠᠮ ᠤᠯᠤᠰ ᠪᠠ ᠭᠠᠵᠠᠷ ᠣᠷᠣᠨ᠎ᠤ 300 ᠭᠠᠷᠤᠢ ᠲᠠᠮᠢᠷᠴᠢᠨ ᠣᠷᠳᠣᠰ᠎ᠲᠤ ᠴᠤᠭᠯᠠᠷᠠᠵᠤ᠂ ᠳᠤᠮᠳᠠᠳᠤ ᠤᠯᠤᠰ᠎ᠤᠨ ᠠᠩᠭᠢ ᠨᠡᠶ᠋ᠢᠲᠡ 84 ᠲᠠᠮᠢᠷᠴᠢᠨ ᠲᠣᠮᠢᠯᠠᠨ ᠤᠷᠤᠯᠳᠤᠭᠠᠨ᠎ᠳᠤ ᠣᠷᠣᠯᠴᠠᠭᠤᠯᠪᠠ᠃ ᠡᠭᠦᠨ᠎ᠳᠦ ᠡᠷᠡᠭᠲᠡᠢ ᠲᠠᠮᠢᠷᠴᠢᠨ 46 ᠬᠥᠮᠥᠨ᠂ ᠡᠮᠡᠭᠲᠡᠢ ᠲᠠᠮᠢᠷᠴᠢᠨ 38 ᠬᠥᠮᠥᠨ ᠪᠠᠢᠵᠤ᠂ 45 ᠪᠠᠭ᠎ᠠ ᠲᠥᠷᠥᠯ᠎ᠳᠦ ᠣᠷᠣᠯᠴᠠᠨ᠎ᠠ᠃ ᠤᠷᠤᠯᠳᠤᠭᠠᠨ᠎ᠤ ᠡᠳᠦᠷ ᠦᠨ ᠳᠠᠷᠠᠭᠠᠯᠠᠯ ᠨᠢᠭᠡᠨᠲᠡ ᠨᠡᠢᠲᠡᠯᠡᠭᠳᠡᠪᠡ᠂ ᠬᠣᠲᠠ᠎ᠶᠢᠨ ᠠᠷᠠᠳ ᠪᠡᠶ᠎ᠡ᠎ᠶᠢᠨ ᠦᠨᠡᠮᠯᠡᠯ᠎ᠢᠶᠡᠨ ᠠᠪᠴᠤ ᠦᠨ᠎ᠡ ᠲᠥᠯᠥᠪᠦᠷᠢ ᠦᠭᠡᠢ᠎ᠪᠡᠷ ᠤᠷᠤᠯᠳᠤᠭᠠᠨ ᠦᠵᠡᠵᠦ ᠪᠣᠯᠣᠨ᠎ᠠ᠃




ᠢᠷᠡᠯᠲᠡ᠄ ᠲᠠᠯ᠎ᠠ ᠨᠤᠲᠤᠬ᠎ᠤᠨ ᠡᠭᠦᠯᠡ ᠰᠢᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃