ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-07-15 10:41:17

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

ᠲᠥᠪ ᠲᠧᠯᠸᠢᠰ᠎ᠦᠨ ᠰᠣᠨᠢᠨ ᠮᠡᠳᠡᠭᠡᠨ᠎ᠦ 7 ᠰᠠᠷ᠎ᠠ᠎ᠶᠢᠨ 14᠎ᠦ ᠡᠳᠦᠷ᠎ᠦᠨ ᠮᠡᠳᠡᠭᠡ᠎ᠶᠢ ᠦᠨᠳᠦᠰᠦᠯᠡᠪᠡᠯ᠂ ᠰᠤᠷᠪᠤᠯᠵᠢᠯᠠᠭ᠍ᠴᠢ ᠳᠤᠮᠳᠠᠳᠤ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠪᠠᠩᠬᠢ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ᠂ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠪᠠᠩᠬᠢ᠂ ᠳᠤᠮᠳᠠᠳᠤ ᠤᠯᠤᠰ᠎ᠤᠨ ᠪᠠᠩᠬᠢ᠎ᠠᠴᠠ ᠣᠢᠯᠠᠭᠠᠵᠤ ᠮᠡᠳᠡᠭᠰᠡᠨ ᠵᠢᠡᠷ᠂ ᠣᠢᠷ᠎ᠠ᠎ᠶᠢᠨ ᠬᠤᠭᠤᠴᠠᠭᠠᠨ᠎ᠳᠤ ᠬᠠᠤᠯᠢ ᠪᠤᠰᠤ ᠡᠲᠡᠭᠡᠳ ᠭᠤᠷᠪᠠᠳᠠᠭᠢ ᠡᠲᠡᠭᠡᠳ᠎ᠦᠨ ᠢᠨᠲᠧᠷ ᠰᠦᠯᠵᠢᠶᠡᠨ᠎ᠦ ᠲᠠᠪᠴᠠᠩ ᠵᠢᠴᠢ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ ᠵᠡᠷᠭᠡ ᠠᠷᠭ᠎ᠠ ᠵᠠᠮ᠎ᠢ ᠠᠰᠢᠭ᠍ᠯᠠᠨ᠂ ᠤᠯᠤᠰ᠎ᠤᠨ ᠥᠮᠴᠢᠯᠡᠯ᠎ᠦᠨ ᠳᠥᠷᠪᠡᠨ ᠶᠡᠬᠡ ᠬᠤᠳᠠᠯᠳᠤᠭᠠᠨ᠎ᠤ ᠪᠠᠩᠬᠢ᠎ᠶᠢᠨ ᠨᠡᠷ᠎ᠡ᠎ᠶᠢ ᠬᠠᠭᠤᠷᠮᠠᠭᠯᠠᠨ ᠬᠡᠷᠡᠭᠯᠡᠵᠦ᠂ 《100 ᠲᠦᠮᠡᠨ ᠲᠦᠭᠦᠷᠢᠭ ᠬᠠᠳᠠᠭᠠᠯᠠᠪᠠᠯ 5.25%᠎ᠶᠢᠨ ᠬᠦᠦ ᠮᠥᠩᠭᠥ ᠵᠢᠨ ᠨᠤᠷᠮ᠎ᠠ ᠵᠢ ᠢᠳᠡᠪᠬᠢᠵᠢᠭᠦᠯᠦᠨ᠎ᠡ》᠂ 《ᠵᠢᠯ᠎ᠦᠨ ᠲᠣᠭᠲᠠᠮᠠᠯ ᠠᠰᠢᠭ᠋ ᠣᠯᠵᠠᠪᠤᠷᠢ 5%》 ᠵᠡᠷᠭᠡ ᠬᠤᠳᠠᠯ ᠬᠠᠭᠤᠷᠮᠠᠭ ᠥᠨᠳᠥᠷ ᠬᠦᠦ᠎ᠲᠠᠢ ᠠᠰᠢᠭ᠋ ᠣᠷᠣᠯᠭ᠎ᠠ᠎ᠶᠢᠨ ᠵᠠᠷ ᠨᠡᠢᠲᠡᠯᠡᠭᠰᠡᠨ ᠪᠥᠭᠡᠳ ᠡᠭᠦᠨ᠎ᠢᠶᠡᠷ᠎ᠢᠶᠡᠨ ᠬᠡᠷᠡᠭᠯᠡᠭᠴᠢᠳ᠎ᠢ ᠥᠳᠥᠭᠡᠨ ᠵᠢᠷᠭᠢᠶ᠎ᠡ ᠵᠢᠨ ᠨᠠᠢᠵᠠ ᠪᠤᠯᠤᠯᠴᠠᠵᠤ᠂ ᠤᠯᠠᠮ᠎ᠵᠢᠡᠷ ᠬᠢᠯᠢ᠎ᠶᠢᠨ ᠭᠠᠳᠠᠨᠠᠬᠢ ᠳᠠᠭᠠᠳᠬᠠᠯ᠎ᠤᠨ ᠪᠦᠲᠦᠭᠡᠭᠳᠡᠭᠦᠨ ᠪᠤᠶᠤ ᠬᠢᠯᠢ᠎ᠶᠢᠨ ᠭᠠᠳᠠᠨᠠᠬᠢ ᠲᠠᠪᠴᠠᠩ᠎ᠤᠨ ᠲᠦᠷᠦᠯ ᠵᠦᠢᠯ᠎ᠳᠤ ᠪᠡᠯᠡ ᠣᠷᠣᠭᠤᠯᠬᠤ ᠎ᠶᠢ ᠤᠬᠠᠭᠤᠯᠵᠤ᠂ ᠥᠨᠳᠥᠷ ᠲᠣᠭᠠᠨ᠎ᠤ ᠬᠠᠷᠠᠮᠵᠢ ᠠᠪᠬᠤ ᠪᠤᠶᠤ ᠴᠢᠨᠠᠭᠰᠢᠯᠠᠪᠠᠯ ᠮᠡᠬᠡᠯᠡᠯ ᠬᠢᠵᠦ ᠪᠠᠢᠨ᠎ᠠ᠃

ᠳᠥᠷᠪᠡᠨ ᠪᠠᠩᠬᠢ ᠵᠢᠨ ᠬᠢᠨ ᠣᠳᠣᠬᠠᠨ᠎ᠳᠤ ᠡᠢᠮᠦ ᠲᠥᠷᠥᠯ᠎ᠦᠨ ᠬᠠᠳᠠᠭᠠᠯᠠᠮᠵᠢ᠎ᠶᠢᠨ ᠦᠢᠯᠡᠳᠬᠦᠨ ᠪᠠᠢᠬᠤ ᠦᠭᠡᠢ᠂ ᠬᠣᠯᠪᠣᠭᠳᠠᠯ ᠪᠦᠬᠦᠢ ᠤᠬᠠᠭᠤᠯᠭ᠎ᠠ ᠪᠣᠯ ᠴᠥᠮ ᠬᠤᠳᠠᠯ ᠮᠡᠳᠡᠭᠡ ᠪᠣᠯᠣᠨ᠎ᠠ ᠭᠡᠵᠦ ᠢᠯᠡᠷᠬᠡᠢᠯᠡᠵᠡᠢ᠃ ᠮᠥᠩᠭᠥᠨ ᠭᠦᠢᠯᠭᠡᠭᠡᠨ᠎ᠦ ᠬᠡᠷᠡᠭᠯᠡᠭᠴᠢᠳ ᠰᠣᠨᠣᠷ ᠰᠡᠷᠡᠮᠵᠢ᠎ᠪᠡᠨ ᠳᠡᠭᠡᠭᠰᠢᠯᠡᠭᠦᠯᠵᠦ᠂ ᠥᠪᠡᠷ᠎ᠦᠨ ᠬᠠᠤᠯᠢ ᠶᠣᠰᠣᠨ᠎ᠤ ᠡᠷᠬᠡ ᠠᠰᠢᠭ᠋ ᠪᠣᠯᠣᠨ ᠪᠡᠯᠡ ᠮᠥᠩᠭᠥᠨ᠎ᠦ ᠠᠮᠤᠷ ᠲᠦᠪᠰᠢᠨ᠎ᠢᠶᠡᠨ ᠰᠠᠢᠲᠤᠷ ᠬᠠᠮᠠᠭᠠᠯᠠᠬᠤ᠎ᠶᠢ ᠬᠦᠰᠡᠵᠦ ᠪᠠᠢᠨ᠎ᠠ᠃

ᠢᠷᠡᠯᠲᠡ᠄ ᠲᠦᠪ ᠲᠧᠯᠸᠢᠰ᠎ᠤᠨ ᠰᠤᠨᠢᠨ ᠮᠡᠳᠡᠭᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ ᠭᠤᠸᠠᠩ

ᠣᠷᠴᠢᠭᠤᠯᠤᠭ᠍ᠴᠢ᠄

ᠢᠷᠡᠯᠲᠡ᠄
兼容浏览器的HTML页面