ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-07-21 10:32:17

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

7 ᠰᠠᠷ᠎ᠠ᠎ᠶᠢᠨ 20᠎ᠤ ᠡᠳᠦᠷ᠎ᠡᠴᠡ ᠡᠬᠢᠯᠡᠨ᠂ ᠲᠡᠮᠦᠷ ᠵᠠᠮ᠎ᠤᠨ ᠰᠠᠯᠠᠭ᠎ᠠ ᠮᠥᠴᠢᠷ ᠡᠴᠡ ᠭᠠᠯᠲᠤ ᠲᠡᠷᠭᠡᠨ᠎ᠦ ᠪᠢᠯᠧᠲ᠎ᠢ ᠤᠷᠢᠳᠴᠢᠯᠠᠨ ᠬᠤᠳᠠᠯᠳᠤᠬᠤ᠂ ᠪᠤᠴᠠᠭᠠᠬᠤ᠂ ᠥᠭᠡᠷᠡᠴᠢᠯᠡᠬᠦ ᠵᠡᠷᠭᠡ ᠦᠢᠯᠡᠴᠢᠯᠡᠭᠡ᠎ᠶᠢ ᠦᠷᠭᠦᠯᠵᠢᠯᠡᠨ ᠬᠠᠩᠭᠠᠬᠤ᠎ᠶᠢᠨ ᠬᠠᠮᠲᠤ᠂ ᠪᠡᠭᠡᠵᠢᠩ᠎ᠡᠴᠡ ᠱᠠᠩᠬᠠᠢ ᠬᠦᠷᠬᠦ ᠲᠦᠷᠭᠡᠨ᠎ᠤ ᠲᠡᠮᠦᠷ ᠵᠠᠮ᠂ ᠪᠡᠭᠡᠵᠢᠩ᠎ᠡᠴᠡ ᠱᠠᠩᠬᠠᠢ ᠬᠦᠷᠬᠦ ᠲᠡᠮᠦᠷ ᠵᠠᠮ᠎ᠤᠨ 200 ᠭᠠᠷᠤᠢ ᠡᠭᠡᠯᠵᠢ᠎ᠶᠢᠨ ᠭᠠᠯᠲᠤ ᠲᠡᠷᠭᠡᠨ᠎ᠦ ᠪᠢᠯᠧᠲ᠎ᠢ ᠤᠷᠢᠳᠴᠢᠯᠠᠨ ᠪᠣᠯᠵᠣᠵᠤ ᠬᠤᠳᠠᠯᠳᠤᠨ ᠠᠪᠬᠤ ᠦᠢᠯᠡᠴᠢᠯᠡᠭᠡ᠎ᠶᠢ ᠰᠢᠨ᠎ᠡ᠎ᠪᠡᠷ ᠨᠡᠮᠡᠭᠳᠡᠭᠦᠯᠬᠦ᠎ᠪᠡᠷ ᠪᠠᠢᠨ᠎ᠠ᠂ ᠠᠶᠠᠨᠴᠢᠳ ᠲᠡᠮᠦᠷ ᠵᠠᠮ᠎ᠤᠨ 12306 ᠰᠢᠯᠵᠢᠶ᠎ᠡ ᠵᠢᠨ《ᠤᠷᠢᠳᠴᠢᠯᠠᠨ ᠪᠣᠯᠵᠣᠵᠤ ᠪᠢᠯᠧᠲ ᠬᠤᠳᠠᠯᠳᠤᠨ ᠠᠪᠬᠤ》 ᠲᠤᠰᠬᠠᠢ ᠪᠤᠯᠤᠩ᠎ᠳᠦ ᠤᠷᠤᠵᠦ᠂ ᠭᠠᠯᠲᠤ ᠲᠡᠷᠭᠡ ᠬᠥᠳᠡᠯᠬᠦ᠎ᠡᠴᠡ ᠡᠮᠦᠨᠡᠬᠢ 60-17 ᠳ᠋ᠤᠭᠠᠷ ᠡᠳᠦᠷ᠎ᠲᠦ ᠤᠷᠢᠳᠴᠢᠯᠠᠨ ᠪᠣᠯᠵᠣᠬᠤ ᠬᠡᠷᠡᠭᠴᠡᠭᠡ ᠱᠠᠭᠠᠷᠳᠠᠯᠭ᠎ᠠ ᠪᠠᠨ ᠲᠠᠭᠯᠠᠨ ᠮᠡᠳᠡᠭᠦᠯᠵᠦ᠂ ᠲᠡᠮᠦᠷ ᠵᠠᠮ᠎ᠤᠨ 12306 ᠲᠡᠪᠴᠡᠨᠭ ᠨᠢ ᠲᠡᠷᠭᠡ ᠬᠥᠳᠡᠯᠬᠦ᠎ᠡᠴᠡ ᠡᠮᠦᠨᠡᠬᠢ 20-16 ᠳ᠋ᠤᠭᠠᠷ ᠡᠳᠦᠷ᠎ᠲᠦ ᠤᠷᠢᠳᠴᠢᠯᠠᠨ ᠪᠣᠯᠵᠣᠭᠰᠠᠨ ᠵᠠᠬᠢᠶᠠᠯᠠᠭ᠎ᠠ᠎ᠶᠢ ᠪᠡᠶᠡᠯᠡᠭᠦᠯᠦᠨ᠎ᠡ᠃

7 ᠰᠠᠷ᠎ᠠ᠎ᠶᠢᠨ 20 ᠎ᠤ ᠡᠳᠦᠷ᠎ᠡᠴᠡ 8 ᠰᠠᠷ᠎ᠠ᠎ᠶᠢᠨ 29 ᠎ᠦ ᠡᠳᠦᠷ ᠪᠣᠯ ᠰᠢᠯᠵᠢᠯᠲᠡ᠎ᠶᠢᠨ ᠬᠤᠭᠤᠴᠠᠭ᠎ᠠ ᠪᠣᠯᠣᠨ᠎ᠠ᠂ 9 ᠰᠠᠷ᠎ᠠ᠎ᠶᠢᠨ 15᠎ᠤ ᠡᠳᠦᠷ ᠵᠢᠴᠢ ᠲᠡᠭᠦᠨ᠎ᠡᠴᠡ ᠰᠡᠭᠦᠯᠡᠷᠬᠢ ᠲᠡᠷᠭᠡᠨ ᠪᠢᠯᠧᠲ ᠎ᠢ ᠡᠳᠦᠷ ᠳᠠᠷᠠᠭᠠᠯᠠᠨ ᠤᠷᠢᠳᠴᠢᠯᠠᠨ ᠪᠣᠯᠵᠣᠵᠤ ᠪᠣᠯᠣᠨ᠎ᠠ᠂ 8 ᠰᠠᠷ᠎ᠠ᠎ᠶᠢᠨ 30 ᠎ᠤ ᠡᠳᠦᠷ᠎ᠡᠴᠡ ᠡᠬᠢᠯᠡᠨ᠂ ᠲᠡᠷᠭᠡ ᠬᠥᠳᠡᠯᠬᠦ᠎ᠡᠴᠡ ᠡᠮᠦᠨᠡᠬᠢ 60 — 17 ᠳ᠋ᠤᠭᠠᠷ ᠡᠳᠦᠷ ᠎ᠦᠨ ᠬᠣᠭᠣᠷᠣᠨᠳᠣᠬᠢ ᠪᠢᠯᠧᠲ᠎ᠢ ᠪᠠᠢᠩᠭᠤᠵᠢᠭᠤᠯᠤᠨ ᠤᠷᠢᠳᠴᠢᠯᠠᠨ ᠪᠣᠯᠵᠣᠵᠤ ᠪᠣᠯᠣᠨ᠎ᠠ᠃


ᠢᠷᠡᠯᠲᠡ᠄ ᠳᠤᠮᠳᠠᠳᠤ ᠤᠯᠤᠰ᠎ᠤᠨ ᠲᠡᠮᠦᠷ ᠵᠠᠮ᠎ᠤᠨ ᠵᠢᠷᠭᠢᠶ᠎ᠡ ᠵᠢᠨ ᠲᠡᠪᠴᠡᠨᠭ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄
兼容浏览器的HTML页面