ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2025-02-14 17:01:39

ᠵᠣᠬᠢᠶᠠᠭ᠍ᠴᠢ᠄ ​ ᠰᠢᠦᠸᠠᠢ ᠰᠢᠶᠣᠣ ᠹᠠᠩ ᠣᠩᠱᠢᠭ᠍ᠰᠠᠨ ᠣᠳᠠᠭ᠎ᠠ᠄ 3

ᠳᠤᠮᠳᠠᠳᠤ ᠤᠯᠤᠰ᠎ᠤᠨ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ᠎ᠶᠢᠨ ᠠᠯᠪᠠᠨ ᠲᠢᠩᠬᠢᠮ ᠦᠢᠷ᠎ᠡ ᠳ᠋ᠤ ᠮᠡᠳᠡᠭᠳᠡᠯ ᠳᠠᠷᠤᠮᠠᠯᠯᠠᠨ ᠲᠠᠷᠬᠠᠭᠠᠵᠤ᠂ 2024 ᠣᠨ᠎ᠤ ᠣᠯᠠᠨ ᠨᠡᠶ᠋ᠢᠲᠡ᠎ᠶᠢᠨ ᠪᠠᠢᠭᠤᠯᠤᠮᠵᠢ᠎ᠶᠢᠨ ᠡᠨᠧᠷᠭᠢ ᠠᠷᠪᠢᠯᠠᠬᠤ ᠭᠣᠣᠯ ᠰᠡᠳᠦᠪᠲᠦ 10 ᠰᠢᠯᠢᠳᠡᠭ ᠵᠦᠴᠦᠭᠡ᠎ᠶᠢᠨ ᠵᠣᠬᠢᠶᠠᠯ ᠪᠠ 10 ᠭᠣᠣᠯ ᠰᠡᠳᠦᠪᠲᠦ ᠥᠯᠢᠭᠡᠷ᠎ᠢ ᠨᠡᠢᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ᠎ᠶᠢᠨ ᠶᠠᠪᠤᠳᠠᠯ᠎ᠤᠨ ᠬᠠᠮᠢᠶᠠᠷᠤᠯᠲᠠ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ᠎ᠶᠢᠨ ᠳᠡᠪᠰᠢᠬᠦᠯᠤᠨ ᠮᠡᠳᠡᠬᠦᠯᠦᠭᠰᠡᠨ 《ᠢᠷᠡᠭᠡᠳᠦᠢ》᠂ 《ᠪᠤᠴᠠᠬᠤ ᠵᠠᠮ·ᠰᠢᠨ᠎ᠡ ᠠᠮᠢᠯᠠᠯ ︱ ᠭᠡᠷ᠎ᠲᠡᠬᠡᠨ ᠬᠠᠷᠢᠬᠤ ᠠᠶᠠᠯᠠᠯ》 ᠨᠢ ᠰᠢᠯᠢᠳᠡᠭ ᠵᠦᠴᠦᠭᠡ᠎ᠶᠢᠨ ᠵᠤᠬᠢᠶᠠᠯ᠎ᠢᠶᠡᠷ ᠦᠨᠡᠯᠡᠭᠳᠡᠵᠦ᠂ 《ᠵᠠᠯᠬᠠᠭᠤ ᠳ᠋ᠧᠩ》᠂ 《ᠬᠠᠷᠠᠮᠴᠢ ᠬᠦᠮᠦᠨ ᠯᠤᠤ ᠽᠸᠡᠭ》 ᠨᠢ ᠰᠢᠯᠢᠳᠡᠭ ᠥᠯᠢᠭᠡᠷ᠎ᠢᠶᠡᠷ ᠦᠨᠡᠯᠡᠭᠳᠡᠵᠦ᠂ 《ᠰᠠᠬᠢᠨ ᠬᠦᠯᠢᠶᠡᠯᠳᠡ》᠂ 《ᠯᠣᠩᠬᠣ᠌ ᠲᠡᠭᠦᠬᠦ》᠂ 《ᠰᠠᠢᠨ ᠤᠯᠠᠮᠵᠢᠯᠠᠯ ᠰᠢᠨ᠎ᠡ ᠤᠷᠤᠰᠬᠠᠯ》᠂ 《ᠬᠤᠪᠢᠰᠬᠠᠯ᠎ᠤᠨ ᠲᠡᠮᠳᠡᠭᠯᠡᠯ᠎ᠦᠨ ᠳᠡᠪᠲᠡᠷ》ᠨᠢ ᠣᠯᠠᠨ ᠨᠡᠶ᠋ᠢᠲᠡ᠎ᠶᠢᠨ ᠪᠠᠢᠭᠤᠯᠤᠮᠵᠢ᠎ᠶᠢᠨ ᠡᠨᠧᠷᠭᠢ ᠠᠷᠪᠢᠯᠠᠬᠤ ᠭᠣᠣᠯ ᠰᠡᠳᠦᠪᠲᠦ ᠰᠢᠯᠢᠳᠡᠭ ᠵᠦᠴᠦᠭᠡ ᠵᠢᠨ ᠳᠡᠪᠲᠡᠷ᠎ᠢᠶᠡᠷ ᠦᠨᠡᠯᠡᠭᠳᠡᠵᠥ᠂ ᠮᠠᠨ᠎ᠤ ᠣᠷᠣᠨ ᠬᠠᠮᠤᠭ᠎ᠤᠨ ᠣᠯᠠᠨ ᠪᠦᠲᠦᠭᠡᠯ ᠦᠨᠡᠯᠡᠭᠳᠡᠭᠰᠡᠨ ᠭᠠᠵᠠᠷ ᠣᠷᠣᠨ ᠪᠣᠯᠤᠭᠰᠠᠨ ᠪᠠᠢᠨ᠎ᠠ ᠃

2024 ᠣᠨ᠎ᠤ ᠤᠯᠠᠨ ᠨᠡᠶ᠋ᠢᠲᠡ᠎ᠶᠢᠨ ᠪᠠᠢᠭᠤᠯᠤᠮᠵᠢ᠎ᠶᠢᠨ ᠡᠨᠧᠷᠭᠢ ᠠᠷᠪᠢᠯᠠᠬᠤ ᠭᠣᠣᠯ ᠰᠡᠳᠦᠪᠲᠦ ᠰᠢᠯᠢᠳᠡᠭ ᠵᠦᠴᠦᠭᠡ᠎ᠶᠢᠨ ᠵᠣᠬᠢᠶᠠᠯ ᠪᠣᠯᠣᠨ ᠦᠯᠢᠭᠡᠷ᠎ᠢ ᠴᠤᠭᠯᠠᠭᠤᠯᠬᠤ ᠠᠵᠢᠯᠯᠠᠭ᠎ᠠ ᠨᠢ ᠪᠣᠬᠢᠷᠲᠤᠯ ᠦᠭᠡᠢ ᠬᠥᠭᠵᠢᠯᠲᠡ᠎ᠶᠢᠨ ᠣᠢᠯᠠᠭᠠᠭᠳᠠᠬᠤᠨ᠎ᠢ ᠥᠷᠭᠡᠨ᠎ᠢᠶᠡᠷ ᠤᠯᠠᠮᠵᠢᠯᠠᠵᠤ᠂ ᠳᠥᠭᠥᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ᠂ ᠪᠣᠯᠪᠠᠰᠤᠨ ᠡᠷᠡᠭᠦᠯ ᠠᠮᠢᠳᠤᠷᠠᠯ᠎ᠤᠨ ᠠᠷᠭ᠎ᠠ ᠬᠡᠯᠪᠡᠷᠢ᠎ᠶᠢ ᠰᠠᠨᠠᠭᠠᠴᠢᠯᠠᠵᠤ᠂ ᠤᠯᠠᠨ ᠨᠡᠶ᠋ᠢᠲᠡ᠎ᠶᠢᠨ ᠪᠠᠢᠭᠤᠯᠤᠮᠵᠢ᠎ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠬᠰᠢᠭᠤᠯᠤᠯᠳᠠ ᠵᠢ ᠪᠠᠭᠠᠰᠬᠠᠬᠤ᠎ᠶᠢ ᠠᠬᠢᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠲᠠᠯ᠎ᠠ᠎ᠪᠠᠷ ᠪᠣᠬᠢᠷᠲᠤᠯ ᠦᠭᠡᠢ᠎ᠲᠡᠢᠰᠢ ᠬᠡᠯᠪᠡᠷᠢ ᠪᠡᠨ ᠬᠤᠪᠢᠷᠠᠭᠤᠯᠬᠤ ᠳᠤᠮᠳᠠ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ᠎ᠵᠢᠡᠨ ᠪᠠᠳᠠᠷᠠᠭᠤᠯᠬᠤ᠎ᠶᠢ ᠵᠤᠷᠢᠪᠠ᠃ ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ᠎ᠶᠢᠨ ᠶᠠᠪᠤᠳᠠᠯ᠎ᠤᠨ ᠬᠠᠮᠢᠶᠠᠷᠤᠯᠲᠠ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ᠎ᠶᠢᠨ ᠬᠢᠨ ᠢᠳᠡᠪᠬᠢᠲᠡᠢ᠎ᠪᠡᠷ ᠵᠣᠬᠢᠶᠠᠨ ᠪᠠᠢᠭᠤᠯᠵᠤ᠂ ᠥᠷᠭᠡᠨ᠎ᠢᠶᠡᠷ ᠲᠠᠢ᠍ᠢᠴᠢᠯᠠᠵᠦ᠂ ᠨᠡᠢ᠍ᠢᠳᠡ 31 ᠪᠦᠲᠦᠭᠡᠯ᠎ᠢ ᠳᠡᠪᠰᠢᠬᠦᠯᠦᠨ ᠮᠡᠳᠡᠭᠦᠯᠵᠡᠢ᠂ ᠡᠳᠡᠭᠡᠷ ᠪᠦᠲᠦᠭᠡᠯ ᠨᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠭᠤᠯᠤᠯᠳᠠ ᠵᠢ ᠪᠠᠭᠠᠰᠬᠠᠬᠤ᠂ ᠪᠣᠬᠢᠷᠲᠤᠯ ᠦᠭᠡᠢ ᠬᠥᠭᠵᠢᠯᠲᠡ᠎ᠶᠢᠨ ᠣᠢᠯᠠᠭᠠᠭᠳᠠᠬᠤᠨ᠎ᠢᠶᠠᠷ ᠭᠣᠣᠯᠳᠠᠭᠤᠯᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠬᠥᠭᠵᠢᠯᠲᠡ᠎ᠶᠢᠨ ᠭᠣᠣᠯ ᠬᠦᠭ ᠠᠶᠠᠰ᠎ᠢ ᠴᠤᠤᠷᠢᠶᠠᠲᠤᠭᠤᠯᠵᠤ᠂ ᠨᠡᠢᠭᠡᠮ᠎ᠦᠨ ᠡᠯ᠎ᠡ ᠡᠲᠡᠭᠡᠳ᠎ᠦᠨ ᠬᠢᠨ᠎ᠢ ᠤᠯᠠᠨ ᠨᠡᠶ᠋ᠢᠲᠡ᠎ᠶᠢᠨ ᠪᠠᠢᠭᠤᠯᠤᠮᠵᠢ᠎ᠶᠢᠨ ᠡᠨᠧᠷᠭᠢ ᠠᠷᠪᠢᠯᠠᠬᠤ ᠠᠴᠢ ᠬᠣᠯᠪᠣᠭᠳᠠᠯ᠎ᠤᠨ ᠲᠤᠬᠠᠢ ᠨᠡᠩ ᠲᠣᠳᠣᠷᠬᠠᠢ ᠲᠠᠨᠢᠯᠲᠠ᠎ᠲᠠᠢ ᠪᠣᠯᠭᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面