ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2025-08-26 11:48:35

ᠵᠣᠬᠢᠶᠠᠭ᠍ᠴᠢ᠄ ᠴᠠᠢ ᠰᠧ ᠶᠤᠸᠠᠨ ᠬᠤᠢᠳᠦᠠᠤᠯᠤᠰ ᠣᠩᠱᠢᠭ᠍ᠰᠠᠨ ᠣᠳᠠᠭ᠎ᠠ᠄ 3

8 ᠰᠠᠷ᠎ᠠ᠎ᠶᠢᠨ 23᠎ᠤ ᠡᠳᠦᠷ᠂ 《ᠤᠮᠠᠷᠠᠳᠦ ᠭᠢᠯᠢ᠎ᠵᠢᠨ ᠮᠦᠷᠦᠭᠡᠳᠦᠯ·ᠪᠦᠮᠪᠦᠭᠡᠨ ᠳᠠᠯᠠᠪᠠᠢ ᠳ᠋ᠡᠬᠢ ᠦᠷᠢᠰᠦᠯᠳᠦᠭᠡᠨ》 2025 ᠣᠨ᠎ᠤ ᠢᠯᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠬᠡᠲᠦ᠍ ᠳᠠᠰ᠎ᠤᠨ ᠬᠣᠯᠪᠣᠭᠠᠲᠤ᠌ ᠤᠷᠤᠯᠳᠤᠭᠠᠨ ᠡᠬᠢᠯᠡᠵᠦ᠍᠂ ᠡᠬᠢᠯᠡᠯᠲᠡ᠎ᠶᠢᠨ ᠤᠷᠤᠯᠳᠤᠭᠠᠨ ᠬᠥᠬᠡᠬᠣᠲᠠ᠎ᠶᠢᠨ ᠤᠯᠤᠰ᠎ᠤᠨ ᠤᠮᠠᠷᠠᠲᠤ᠎ᠶᠢᠨ ᠬᠥᠯ ᠪᠥᠮᠪᠥᠭᠡ᠎ᠶᠢᠨ ᠪᠣᠯᠪᠠᠰᠤᠷᠠᠯ᠎ᠤᠨ ᠰᠠᠭᠤᠷᠢᠨ᠎ᠳ᠋ᠤ᠌ ᠶᠠᠪᠤᠭᠳᠠᠪᠠ᠃


QQ截图20250224163936.png


QQ截图20250731161406.png


ᠡᠬᠢᠯᠡᠯᠲᠡ᠎ᠶᠢᠨ ᠤᠷᠤᠯᠳᠤᠭᠠᠨ ᠬᠥᠬᠡᠬᠣᠲᠠ᠎ᠶᠢᠨ ᠠᠩᠭᠢ ᠪᠣᠯᠤᠨ ᠤᠯᠠᠭᠠᠨᠴᠠᠪ᠎ᠤᠨ ᠠᠩᠭᠢ ᠵᠢᠨ ᠬᠤᠭᠤᠷᠤᠨᠳᠦ ᠶᠠᠪᠤᠭᠳᠠᠵᠤ᠂ ᠲᠤᠬᠠᠢ᠎ᠶᠢᠨ ᠲᠠᠯᠠᠪᠠᠢ᠎ᠳᠤ ᠬᠥᠮᠦᠨ᠎ᠤ ᠳᠠᠯᠠᠢ ᠪᠤᠯᠵᠤ᠂ ᠲᠦᠮᠡ ᠭᠠᠷᠤᠢ ᠪᠥᠮᠪᠥᠭᠡᠨ ᠬᠤᠷᠤᠬᠠᠢ᠌ᠲᠠᠨ ᠤᠯᠤᠰ᠎ᠤᠨ ᠤᠮᠠᠷᠠᠲᠤ᠎ᠶᠢᠨ ᠬᠥᠯ ᠪᠥᠮᠪᠥᠭᠡ᠎ᠶᠢᠨ ᠪᠣᠯᠪᠠᠰᠤᠷᠠᠯ᠎ᠤᠨ ᠰᠠᠭᠤᠷᠢᠨ᠎ᠳᠤ ᠥᠪᠡᠷ᠎ᠦᠨ ᠳᠡᠮᠵᠢᠵᠦ᠍ ᠪᠠᠶ᠋ᠢᠭ᠎ᠠ ᠪᠥᠮᠪᠥᠭᠡᠨ ᠠᠩᠭᠢ᠎ᠳᠤ ᠬᠦᠴᠦᠨ ᠨᠡᠮᠡᠷᠢᠯᠡᠪᠡ᠃ ᠤᠷᠤᠯᠳᠤᠭᠠᠨ ᠡᠬᠢᠯᠡᠬᠦ᠌᠎ᠡᠴᠡ ᠡᠮᠦᠨ᠎ᠡ᠂ ᠤᠯᠤᠰ᠎ᠤᠨ ᠬᠥᠯ ᠪᠥᠮᠪᠥᠭᠡ᠎ᠶᠢᠨ ᠤᠤᠯ᠎ᠤᠨ ᠲᠠᠮᠢᠷᠴᠢᠨ ᠶᠠᠩ ᠴᠧᠨ ᠤᠷᠤᠯᠳᠤᠭᠠᠨ᠎ᠤ ᠲᠠᠯᠠᠪᠤᠷ᠎ᠲᠤ᠌ ᠭᠠᠷᠴᠤ᠌᠂ ᠪᠥᠮᠪᠥᠭᠡᠨ ᠬᠤᠷᠤᠬᠠᠢ᠌ᠲᠠᠳ᠎ᠲᠤ᠌ ᠭᠠᠷ᠎ᠤᠨ ᠦᠰᠦᠭ ᠵᠢᠷᠤᠵᠤ᠂ ᠪᠢᠴᠢᠬᠠᠨ ᠨᠠᠶ᠋ᠢᠵᠠ᠎ᠨᠠᠷ᠎ᠲᠠᠶ ᠬᠥᠯ ᠪᠥᠮᠪᠥᠭᠡ᠎ᠶᠢᠨ ᠨᠥᠬᠥᠷᠰᠡᠭ ᠤᠷᠤᠯᠳᠤᠭᠠᠨ ᠶᠠᠪᠤᠭᠤᠯᠵᠤ᠂ ᠲᠤᠬᠠᠶ᠎ᠶᠢᠨ ᠲᠠᠯᠠᠪᠠᠢ᠎ᠶᠢᠨ ᠠᠭᠤᠷ ᠠᠮᠢᠰᠬᠤᠯ᠎ᠢ ᠬᠥᠷ ᠬᠥᠭᠵᠢᠶᠡᠨ᠎ᠵᠢᠠᠷ ᠪᠢᠯᠬᠠᠭᠤᠯᠪᠠ᠃ ᠠᠡᠭᠬᠠᠨ᠎ᠤ ᠤᠷᠤᠯᠳᠤᠭᠠᠨ᠎ᠳᠦ ᠳᠡᠯᠡᠬᠡᠶ᠎ᠶᠢᠨ ᠬᠤᠨᠳᠠᠭᠠᠲᠤ᠌ ᠤᠷᠤᠯᠳᠤᠭᠠᠨ᠂ ᠠᠽᠢᠶ᠎ᠠ ᠲᠢᠪ᠎ᠦᠨ ᠬᠤᠨᠳᠠᠭᠠᠲᠤ᠌ ᠤᠷᠤᠯᠳᠤᠭᠠᠨ᠂ ᠳᠤᠮᠳᠠᠳᠤ ᠤᠯᠤᠰ᠎ᠤᠨ ᠬᠡᠲᠦ᠍ ᠳᠠᠰ᠎ᠤᠨ ᠬᠤᠯᠪᠤᠭᠠᠳᠦ ᠤᠷᠤᠯᠳᠤᠭᠠᠨ ᠵᠡᠷᠭᠡ ᠤᠯᠤᠰ᠎ᠤᠨ ᠳᠣᠲᠣᠭᠠᠳᠤ ᠭᠠᠳᠠᠭᠠᠳᠤ᠎ᠶᠢᠨ ᠲᠡᠷᠢᠭᠦᠨ ᠲᠠᠰ᠎ᠤᠨ ᠤᠷᠤᠯᠳᠤᠭᠠᠨ᠎ᠤ ᠣᠯᠠᠨ ᠤᠯᠤᠰ᠎ᠤᠨ ᠲᠠᠰ᠎ᠤᠨ ᠬᠢᠨᠠᠭᠴᠢ ᠮᠠ ᠨᠢᠩ ᠭᠤᠤᠯ ᠬᠢᠨᠠᠭᠴᠢ ᠪᠣᠯᠪᠠ᠃ ᠤᠷᠤᠯᠳᠤᠭᠠᠨ ᠡᠬᠢᠯᠡᠭᠰᠡᠨ᠎ᠤ ᠳᠠᠷᠠᠭ᠎ᠠ ᠬᠣᠶᠠᠷ ᠲᠠᠯ᠎ᠠ᠎ᠪᠠᠷ᠎ᠢᠶᠠᠨ ᠮᠠᠰᠢ ᠲᠦᠷᠭᠡᠨ ᠦᠷᠢᠰᠦᠯᠳᠦᠭᠡᠨ᠎ᠤ ᠪᠠᠢᠳᠠᠯ᠎ᠳᠤ ᠣᠷᠣᠵᠤ᠂ ᠬᠠᠷᠢᠯᠴᠠᠨ ᠳᠠᠭᠠᠷᠢᠯᠳᠠ ᠬᠠᠮᠠᠭᠠᠯᠠᠯᠳᠠ ᠪᠡᠨ ᠵᠤᠭᠢᠶᠠᠨ ᠪᠠᠢᠭᠤᠯᠵᠤ ᠪᠠᠢᠯ᠎ᠠ᠃ ᠳᠡᠭᠡᠷ᠎ᠡ ᠬᠠᠭᠠᠰ ᠲᠠᠯᠠᠪᠠᠢ ᠵᠢᠨ ᠴᠠᠭ ᠨᠥᠬᠥᠭᠰᠡᠨ ᠱᠠᠲᠤᠨ᠎ᠳᠤ᠂ ᠤᠯᠠᠭᠠᠨᠴᠠᠪ᠎ᠤᠨ ᠠᠩᠭᠢ ᠴᠡᠭ᠎ᠤᠨ ᠪᠥᠮᠪᠥᠭᠡ᠎ᠶᠢᠨ ᠲᠣᠬᠢᠶᠠᠯ᠎ᠢ ᠠᠰᠢᠭᠯᠠᠠ ᠪᠥᠮᠪᠥᠭᠡ ᠣᠷᠣᠭᠤᠯᠵᠤ᠂ 1᠄ 0 ᠎ᠢᠶᠠᠷ ᠤᠷᠢᠳᠠᠪᠠ᠃ ᠳᠣᠣᠷ᠎ᠠ ᠬᠠᠭᠠᠰ ᠲᠠᠯᠠᠪᠠᠢ ᠤᠷᠤᠯᠳᠤᠭᠠᠨ᠎ᠤ 85 ᠳ᠋ᠤᠭᠠᠷ ᠮᠢᠨᠦ᠋ᠲ᠎ᠲᠦ᠍᠂ ᠤᠯᠠᠭᠠᠨᠴᠠᠪ᠎ᠤᠨ ᠠᠩᠭᠢ ᠬᠥᠬᠡᠬᠣᠲᠠ᠎ᠶᠢᠨ ᠠᠩᠭᠢ᠎ᠶᠢᠨ ᠳᠠᠮᠵᠢᠭᠤᠯᠤᠯᠳᠠ ᠵᠢᠨ ᠠᠯᠳᠠᠭ᠎ᠠ ᠵᠢ ᠠᠰᠢᠭᠯᠠᠠ ᠪᠥᠮᠪᠥᠭᠡ ᠣᠷᠣᠭᠤᠯᠤᠭᠰᠠᠨ ᠵᠢᠠᠷ᠂ ᠡᠴᠦᠰ᠎ᠲᠡᠭᠡᠨ ᠬᠥᠬᠡᠬᠣᠲᠠ᠎ᠶᠢᠨ ᠠᠩᠭᠢ 0᠄ 2 ᠎ᠤᠨ ᠬᠠᠷᠢᠴᠠᠯ ᠵᠢᠠᠷ ᠤᠯᠠᠭᠠᠨᠴᠠᠪ᠎ᠤᠨ ᠠᠩᠭᠢ᠎ᠳᠤ ᠢᠯᠠᠭᠳᠠᠭᠰᠠᠨ ᠪᠠᠢᠨ᠎ᠠ᠃


QQ截图20250825102216.png


QQ截图20250825102238.png


ᠣᠶ᠋ᠢᠯᠠᠭᠠᠭᠰᠠᠨ᠎ᠢᠶᠠᠷ᠂ 2025 ᠣᠨ᠎ᠤ ᠢᠯᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠬᠡᠲᠦ᠍ ᠳᠠᠰ᠎ᠤᠨ ᠬᠣᠯᠪᠣᠭᠠᠲᠤ᠌ ᠤᠷᠤᠯᠳᠤᠭᠠᠨ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠡᠴᠠ ᠡᠯ᠎ᠡ ᠠᠶ᠋ᠢᠮᠠᠭ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠲᠠᠶ ᠬᠠᠮᠲᠤᠷᠠᠨ ᠭᠤᠤᠯᠯᠠᠨ ᠡᠷᠭᠢᠯᠡᠵᠦ᠍᠂ ᠥᠪᠥᠷ ᠮᠣᠩᠭᠣᠯ᠎ᠤᠨ ᠬᠥᠯ ᠪᠥᠮᠪᠥᠭᠡ᠎ᠶᠢᠨ ᠨᠡᠶ᠋ᠢᠭᠡᠮᠯᠢᠭ᠂ ᠡᠯ᠎ᠡ ᠠᠶ᠋ᠢᠮᠠᠭ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ (ᠰᠤᠷᠭᠠᠨ ᠬᠥᠮᠦᠵᠢᠯ ᠪᠡᠶ᠎ᠡ᠎ᠶᠢᠨ ᠲᠠᠮᠢᠷ᠎ᠤᠨ ᠲᠣᠪᠴᠢᠶ᠎ᠠ) ᠳᠠᠭᠠᠭᠠᠨ ᠡᠷᠭᠢᠯᠡᠪᠡ᠃ ᠤᠷᠤᠯᠳᠤᠭᠠᠨ ᠨᠢ 10 ᠰᠠᠷ᠎ᠠ᠎ᠶᠢᠨ 9 ᠎ᠦ ᠡᠳᠦᠷ ᠪᠣᠯᠲᠠᠯ᠎ᠠ ᠦᠷᠭᠦᠯᠵᠢᠯᠡᠵᠦ᠍᠂ ᠣᠷᠣᠨ ᠳᠤᠭᠤᠷᠢᠭ ᠬᠤᠪᠢᠶᠠᠨ ᠤᠷᠤᠯᠳᠤᠬᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠶᠡᠷᠦᠩᠬᠡᠶ ᠰᠢᠢᠳᠪᠦᠷᠢᠲᠦ᠍ ᠤᠷᠤᠯᠳᠤᠭᠠᠨ᠎ᠤ ᠬᠣᠶᠠᠷ ᠱᠠᠲᠤᠨ᠎ᠤ ᠤᠷᠤᠯᠳᠤᠭᠠᠨ᠎ᠤ ᠬᠡᠯᠪᠡᠷᠢ᠎ᠪᠡᠷ ᠵᠣᠬᠢᠶᠠᠨ ᠪᠠᠶ᠋ᠢᠭᠤᠯᠤᠨ ᠶᠠᠪᠤᠭᠳᠠᠭᠤᠯᠵᠤ᠂ ᠤᠷᠤᠯᠳᠤᠭᠠᠨ᠎ᠤ ᠶᠠᠪᠤᠴᠠ ᠨᠢ ᠨᠡᠶ᠋ᠢᠲᠡ 11 ᠡᠭᠡᠯᠵᠢ 52 ᠲᠠᠯᠠᠪᠠᠢ ᠤᠷᠤᠯᠳᠤᠭᠠᠨ ᠶᠠᠪᠤᠭᠤᠯᠬᠤ ᠪᠣᠯᠤᠨ᠎ᠠ᠃ ᠨᠢᠭᠡᠳᠦᠭᠡᠷ ᠱᠠᠲᠤᠨ᠎ᠤ ᠬᠤᠪᠢᠶᠠᠷᠢ ᠲᠣᠭᠣᠷᠢᠭ᠎ᠤᠨ ᠤᠷᠤᠯᠳᠤᠭᠠᠨ ᠨᠢ 8 ᠰᠠᠷ᠎ᠠ᠎ᠶᠢᠨ 23᠎ᠤ ᠡᠳᠦᠷ᠎ᠡᠴᠡ 9 ᠰᠠᠷ᠎ᠠ᠎ᠶᠢᠨ 27᠎ᠤ ᠡᠳᠦᠷ ᠪᠣᠯᠲᠠᠯ᠎ᠠ ᠥᠪᠥᠷ ᠮᠣᠩᠭᠣᠯ᠎ᠤᠨ ᠡᠯ᠎ᠡ ᠠᠶ᠋ᠢᠮᠠᠭ ᠬᠣᠲᠠ᠎ᠳᠤ ᠶᠠᠪᠤᠭᠳᠠᠵᠤ᠂ ᠥᠪᠥᠷ ᠮᠣᠩᠭᠣᠯ᠎ᠤᠨ 12 ᠠᠡᠭᠭᠢ ᠡᠩᠨᠡᠭᠡ᠎ᠶᠢ 3 ᠳᠤᠭᠤᠶ᠋ᠢᠯᠠᠩ ᠬᠤᠪᠢᠶᠠᠵᠤ᠂ ᠭᠣᠣᠯ ᠲᠠᠯᠠᠪᠠᠢ ᠪᠠ ᠵᠣᠴᠢᠨ᠎ᠲᠠᠯᠠᠪᠠᠢ ᠵᠢᠨ᠎ᠬᠣᠣᠰ ᠡᠭᠡᠯᠵᠢᠲᠦ᠍ ᠤᠷᠤᠯᠳᠤᠭᠠᠨ᠎ᠤ ᠳᠦᠷᠢᠮ᠎ᠢ ᠬᠡᠷᠡᠭᠯᠡᠨ᠂ ᠭᠠᠷᠠᠭ ᠪᠦᠷᠢ᠎ᠶᠢᠨ ᠵᠢᠷᠭᠤᠭᠠᠨ ᠪᠠ ᠭᠠᠷᠠᠭ᠎ᠤᠨ ᠡᠳᠦᠷ ᠪᠦᠷᠢ ᠨᠢᠭᠡ ᠡᠭᠡᠯᠵᠢ ᠶᠠᠪᠤᠭᠳᠠᠭᠤᠯᠵᠤ᠂ ᠡᠯ᠎ᠡ ᠠᠶ᠋ᠢᠮᠠᠭ ᠬᠣᠲᠠ ᠨᠢ 3 ᠲᠠᠯᠠᠪᠠᠢ ᠭᠣᠣᠯ ᠲᠠᠯᠠᠪᠠᠢ ᠵᠢᠨ ᠤᠷᠤᠯᠳᠤᠭᠠᠨ᠎ᠢ ᠳᠠᠭᠠᠭᠠᠨ ᠡᠷᠬᠢᠯᠡᠨ᠎ᠡ᠃ ᠡᠯ᠎ᠡ ᠳᠤᠭᠤᠢᠯᠠᠩ᠎ᠤᠨ ᠬᠤᠷᠠᠮᠳᠤᠯ ᠬᠤᠪᠢ ᠨᠢ ᠡᠮᠦᠨ᠎ᠡ ᠬᠣᠶᠠᠷ ᠨᠡᠷ᠎ᠡ᠂ ᠵᠢᠴᠢ 3 ᠳᠤᠭᠤᠢᠯᠠᠩ᠎ᠤᠨ ᠳᠣᠲᠣᠷ᠎ᠠ ᠬᠢᠷᠢ ᠪᠦᠲᠦᠮᠵᠢ ᠨᠢ ᠬᠠᠮᠤᠭ᠎ᠤᠨ ᠰᠠᠢᠨ ᠬᠣᠶᠠᠷ ᠭᠤᠷᠪᠠᠳᠤᠭᠠᠷ ᠨᠡᠷ᠎ᠡ ᠎ᠳᠤ ᠤᠷᠤᠭᠰᠠᠨ᠂ ᠨᠡᠢ᠌ᠲᠡ 8 ᠠᠡᠭᠭᠢ ᠨᠢ ᠬᠣᠶᠠᠳᠤᠭᠠᠷ ᠱᠠᠲᠤᠨ᠎ᠤ ᠶᠡᠷᠦᠩᠬᠡᠶ ᠰᠢᠢᠳᠪᠦᠷᠢᠲᠦ᠍ ᠤᠷᠤᠯᠳᠤᠭᠤᠨ᠎ᠳᠤ ᠳᠡᠪᠰᠢᠬᠤ ᠪᠤᠯᠤᠨ᠎ᠠ᠃ ᠶᠡᠷᠦᠩᠬᠡᠶ ᠰᠢᠢᠳᠪᠦᠷᠢᠲᠦ᠍ ᠤᠷᠤᠯᠳᠤᠭᠠᠨ ᠨᠢ ᠤᠷᠤᠯᠳᠤᠭᠠᠨ ᠴᠤᠭᠯᠠᠭᠠᠨ᠎ᠤ ᠳᠦᠷᠢᠮ᠎ᠢ ᠠᠪᠴᠤ᠌᠂ ᠤᠯᠤᠰ᠎ᠤᠨ ᠬᠥᠯ ᠪᠥᠮᠪᠥᠭᠡ᠎ᠶᠢᠨ ᠤᠮᠠᠷᠠᠲᠤ᠌ ᠣᠷᠣᠨ᠎ᠤ ᠪᠣᠯᠪᠠᠰᠤᠷᠠᠯ᠎ᠤᠨ ᠰᠠᠭᠤᠷᠢᠨ ᠳ᠋ᠤ᠌ ᠶᠠᠪᠤᠭᠳᠠᠵᠤ ᠂ ᠳᠤᠭᠤᠢᠯᠠᠩ᠎ᠤᠨ ᠳᠠᠩ ᠡᠭᠡᠯᠵᠢᠲᠦ᠍ ᠤᠷᠤᠯᠳᠤᠭᠠᠨ ᠪᠠ ᠰᠣᠯᠪᠢᠴᠠᠨ ᠪᠠᠶ᠋ᠢᠷᠢᠯᠠᠬᠤ ᠤᠷᠤᠯᠳᠤᠭᠠᠨ ᠭᠡᠵᠦ᠍ ᠬᠤᠪᠢᠶᠠᠨ᠂ ᠬᠠᠮᠤᠭ ᠡᠴᠦᠰ᠎ᠲᠦ᠍ ᠨᠡᠷᠡᠰ᠎ᠦᠨ ᠳᠠᠷᠠᠭᠠᠯᠠᠯ᠎ᠤᠨ ᠤᠷᠤᠯᠳᠤᠭᠠᠨ᠎ᠤ ᠦᠷ᠎ᠡ ᠳ᠋ᠦᠩ᠎ᠢᠶᠡᠷ ᠨᠡᠷᠡᠰ᠎ᠦᠨ ᠳᠠᠷᠠᠭᠠᠯᠠᠯ᠎ᠢ ᠲᠣᠭᠲᠠᠭᠠᠨ᠎ᠠ᠃


QQ截图20250825102252.png


QQ截图20250825102305.png


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠭᠡᠳᠦ ᠳᠠᠰ᠎ᠤᠨ ᠬᠣᠯᠪᠣᠭᠠᠲᠤ᠌ ᠤᠷᠤᠯᠳᠤᠭᠠᠨ ᠪᠤᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠠᠴᠠ 2016 ᠣᠨ᠎ᠳᠤ ᠡᠭᠦᠳᠦᠨ ᠡᠷᠭᠢᠯᠡᠭᠰᠡᠨ ᠥᠪᠥᠷ ᠮᠣᠩᠭᠣᠯ᠎ᠤᠨ ᠭᠤᠤᠯᠳᠠᠯᠭ᠎ᠠ᠎ᠲᠠᠶ ᠲᠡᠷᠢᠭᠦᠨ ᠲᠠᠰ᠎ᠤᠨ ᠬᠥᠯ ᠪᠥᠮᠪᠥᠭᠡ᠎ᠶᠢᠨ ᠤᠷᠤᠯᠳᠤᠭᠠᠨ᠎ᠤ IP ᠪᠣᠯᠤᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠵᠢᠨ ᠵᠠᠯᠠᠭᠤᠴᠤᠳ ᠪᠠᠭᠠᠴᠤᠳ᠎ᠤᠨ ᠬᠥᠳᠡᠯᠭᠡᠭᠡᠨ᠎ᠦ ᠭᠠᠵᠠᠷ᠎ᠤᠨ ᠳᠠᠷᠤᠭ᠎ᠠ ᠱ᠌ᠢ ᠰᠢᠶᠤᠤ ᠫᠢᠩ᠄《ᠡᠨᠡ ᠵᠢᠯ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠬᠡᠲᠦ᠍ ᠳᠠᠰ᠎ᠤᠨ ᠬᠣᠯᠪᠣᠭᠠᠲᠤ᠌ ᠤᠷᠤᠯᠳᠤᠭᠠᠨ ᠪᠣᠯ ᠰᠣᠶᠣᠯ᠎ᠢ ᠠᠭᠤᠰᠤᠯᠴᠠᠭᠤᠯᠤᠭᠰᠠᠨ᠂ ᠣᠨᠴᠠᠯᠢᠭ᠎ᠢ ᠢᠯᠡᠷᠡᠭᠦᠯᠦᠭᠰᠡᠨ ᠦᠪᠡᠳᠡᠭᠰᠢ ᠴᠤᠭᠯᠠᠭᠠᠨ ᠪᠣᠯᠤᠨ᠎ᠠ᠃ ᠪᠢᠳᠡ ᠪᠥᠮᠪᠥᠭᠡ᠎ᠶᠢ ᠰᠠᠶ᠋ᠢᠲᠤᠷ ᠢᠰᠬᠦᠯᠬᠦ᠌᠎ᠪᠡᠷ ᠪᠠᠷᠠᠬᠤ ᠥᠬᠡᠶ᠂ ᠨᠠᠩ ᠴᠤ᠌ ᠤᠷᠤᠯᠳᠤᠭᠠᠨ᠎ᠢ ᠤᠮᠠᠷᠠᠲᠤ᠌ ᠬᠢᠯᠢ᠎ᠶᠢᠨ ᠰᠣᠶᠣᠯ᠎ᠢ ᠬᠠᠷᠠᠭᠤᠯᠬᠤ ᠴᠣᠩᠬᠣ ᠪᠣᠯᠭᠠᠵᠤ᠂ ᠡᠨᠡ ᠬᠦ᠌ ᠲᠥᠷᠥᠯ ᠲᠡᠮᠳᠡᠭᠲᠦ᠎ᠤᠷᠤᠯᠳᠤᠭᠠᠨ᠎ᠢ ᠠᠷᠪᠢᠲᠠᠶ ᠪᠥᠭᠡᠳ ᠪᠣᠳᠠᠲᠠᠶ᠎ᠶᠢ ᠡᠷᠬᠢᠮᠯᠡᠭᠰᠡᠨ᠂ ᠠᠮᠤᠷ ᠲᠦᠪᠰᠢᠨ ᠡᠮᠬᠢ ᠵᠢᠷᠤᠮ᠎ᠲᠠᠶ᠂ ᠭᠣᠶ᠋ᠢᠳᠠ ᠰᠠᠶ᠋ᠢᠬᠠᠨ ᠡᠷᠭᠢᠯᠡᠵᠦ᠍᠂ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠠᠮᠢᠵᠢᠷᠠᠯ᠎ᠤᠨ ᠬᠦᠴᠦᠨ ᠪᠠ ᠭᠠᠵᠠᠷ ᠣᠷᠣᠨ᠎ᠤ ᠴᠣᠭ ᠵᠢᠪᠬᠤᠭ᠎ᠠ᠎ᠶᠢ ᠭᠦᠢᠴᠡᠳ ᠢᠯᠡᠷᠡᠭᠦᠯᠬᠦ᠌ ᠴᠢᠬᠤᠯᠠᠲᠡᠶ᠃ ᠬᠣᠯᠪᠣᠭᠠᠲᠤ᠌ ᠤᠷᠤᠯᠳᠤᠭᠠᠨ᠎ᠤ ᠬᠤᠭᠤᠴᠠᠭᠠᠨ᠎ᠳᠤ᠂ ᠪᠢᠳᠠ ᠠᠮᠲᠠᠲᠤ᠌ ᠢᠳᠡᠭᠡᠨ᠎ᠦ ᠨᠠᠶ᠋ᠢᠷ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠂ ᠦᠵᠡᠭᠦᠯᠭᠡ ᠵᠢᠨ ᠲᠣᠭᠯᠠᠯᠲᠠ ᠵᠡᠷᠭᠡ ᠠᠵᠢᠯᠯᠠᠭ᠎ᠠ᠎ᠶᠢ ᠵᠡᠷᠭᠡ᠎ᠪᠡᠷ ᠡᠷᠬᠢᠯᠡᠵᠦ᠍᠂ ᠠᠵᠢᠯ᠎ᠤᠨ ᠴᠢᠯᠥᠭᠡᠨ᠎ᠦ ᠪᠥᠮᠪᠥᠭᠡᠴᠢᠨ᠎ᠦ ᠳᠤᠰᠬᠠᠢ ᠮᠡᠷᠭᠡᠵᠢᠯ᠎ᠳᠦ ᠳᠠᠰ ᠳᠡᠪᠰᠢᠬᠦ᠌ ᠵᠠᠮ᠎ᠢ ᠳᠡᠪᠢᠰᠬᠦ᠎ᠪᠠᠷ ᠪᠠᠷᠠᠬᠤ ᠦᠭᠡᠢ᠂ ᠨᠡᠩ ᠴᠤ᠌ ᠡᠨᠡᠬᠦ ᠤᠷᠤᠯᠳᠤᠭᠠᠨ᠎ᠢ ᠠᠵᠤ ᠠᠬᠤᠢ᠎ᠶᠢ ᠳᠠᠶ᠋ᠢᠴᠢᠯᠠᠬᠤ᠂ ᠬᠡᠷᠡᠭᠯᠡᠭᠡ᠎ᠶᠢ ᠠᠬᠢᠭᠤᠯᠬᠤ ᠴᠢᠬᠤᠯᠠ ᠲᠠᠪᠴᠠᠩ ᠪᠣᠯᠭᠠᠨ᠎ᠠ》 ᠭᠡᠵᠦ ᠶᠠᠷᠢᠵᠤ ᠪᠠᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面