2025-09-28 15:41:30
9 ᠰᠠᠷ᠎ᠠ᠎ᠶᠢᠨ 26᠎ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠪᠥᠵᠢᠭ᠎ᠦᠨ ᠯᠢᠩᠬᠤ᠎ᠠ ᠱᠠᠩᠨᠠᠯ᠎ᠤᠨ ᠤᠳᠤ ᠦᠶ᠎ᠡ᠎ᠶᠢᠨ ᠪᠥᠵᠢᠭ᠂ ᠤᠷᠴᠢᠨ ᠦᠶ᠎ᠡ᠎ᠶᠢᠨ ᠪᠥᠵᠢᠭ᠎ᠦᠨ ᠱᠠᠩᠨᠠᠯ ᠰᠢᠯᠭᠠᠷᠠᠭᠤᠯᠬᠤ ᠠᠵᠢᠯᠯᠠᠭ᠎ᠠ ᠬᠥᠬᠡᠬᠣᠲᠠ᠎ᠳᠤ ᠡᠬᠢᠯᠡᠪᠡ᠃

ᠳᠤᠮᠳᠠᠳᠤ ᠤᠯᠤᠰ᠎ᠤᠨ ᠪᠥᠵᠢᠭ᠎ᠦᠨ ᠯᠢᠩᠬᠤ᠎ᠠ ᠱᠠᠩᠨᠠᠯ ᠪᠣᠯ ᠳᠦᠪ ᠤ᠋ᠨ ᠵᠦᠪᠰᠢᠶᠡᠷᠡᠯ ᠵᠢᠡᠷ ᠪᠠᠢᠭᠤᠯᠤᠬᠳᠠᠬᠰᠠᠨ᠂ ᠳᠤᠮᠳᠠᠳᠤ ᠤᠯᠤᠰ᠎ᠤᠨ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ᠂ ᠳᠤᠮᠳᠠᠳᠤ ᠤᠯᠤᠰ᠎ᠤᠨ ᠪᠥᠵᠢᠭᠴᠢᠳ᠎ᠦᠨ ᠨᠡᠢᠭᠡᠮᠯᠢᠭ᠎ᠡᠴᠡ ᠬᠠᠮᠲᠤᠷᠠᠨ ᠡᠷᠭᠢᠯᠡᠭᠰᠡᠨ ᠪᠥᠬᠥ ᠤᠯᠤᠰ᠎ᠤᠨ ᠴᠢᠨᠠᠷᠲᠠᠢ ᠪᠥᠵᠢᠭ᠎ᠦᠨ ᠤᠷᠠᠯᠢᠭ᠋᠎ᠤᠨ ᠲᠤᠰᠬᠠᠢ ᠮᠡᠷᠭᠡᠵᠢᠯ᠎ᠦᠨ ᠱᠠᠩᠨᠠᠯ ᠪᠣᠯᠣᠨ᠎ᠠ᠂ ᠣᠳᠣᠬᠠᠨ᠎ᠳᠤ ᠪᠥᠵᠢᠭᠲᠦ ᠵᠦᠴᠦᠭᠡ᠂ ᠦᠨᠳᠦᠰᠦᠲᠡᠨ᠎ᠦ ᠠᠷᠠᠳ᠎ᠤᠨ ᠪᠥᠵᠢᠭ᠂ ᠰᠣᠩᠭᠣᠳᠠᠭ ᠪᠥᠵᠢᠭ᠂ ᠣᠳᠤ ᠦᠶ᠎ᠡ᠎ᠶᠢᠨ ᠪᠥᠵᠢᠭ᠂ ᠣᠷᠴᠢᠨ ᠦᠶ᠎ᠡ᠎ᠶᠢᠨ ᠪᠥᠵᠢᠭ ᠵᠡᠷᠭᠡ 5 ᠲᠦᠷᠦᠯ᠎ᠲᠠᠢ᠃ ᠲᠣᠰ ᠤᠳᠠᠭᠠᠨ᠎ᠤ ᠰᠢᠯᠭᠠᠷᠠᠭᠤᠯᠤᠯᠲᠠ᠎ᠳᠤ ᠨᠡᠶ᠋ᠢᠲᠡ 16 ᠣᠳᠤ ᠦᠶ᠎ᠡ᠎ᠶᠢᠨ ᠪᠥᠵᠢᠭ᠎ᠦᠨ ᠪᠦᠲᠦᠭᠡᠯ᠂ 18 ᠣᠷᠴᠢᠨ ᠦᠶ᠎ᠡ᠎ᠶᠢᠨ ᠪᠥᠵᠢᠭ᠎ᠦᠨ ᠪᠦᠲᠦᠭᠡᠯ᠎ᠢ ᠰᠢᠯᠭᠠᠷᠠᠭᠤᠯᠤᠨ ᠭᠠᠷᠭᠠᠵᠤ᠂ ᠪᠦᠳᠦᠬᠡᠯ ᠨᠢ ᠪᠡᠭᠡᠵᠢᠩ᠂ ᠥᠪᠥᠷ ᠮᠣᠩᠭᠣᠯ ᠵᠡᠷᠭᠡ ᠣᠯᠠᠨ ᠭᠠᠵᠠᠷ ᠣᠷᠣᠨ᠎ᠢ ᠬᠠᠮᠤᠷᠤᠨ᠂ ᠡᠯ᠎ᠡ ᠭᠠᠵᠠᠷ᠎ᠤᠨ ᠪᠥᠵᠢᠭ᠎ᠦᠨ ᠠᠵᠢᠯᠲᠠᠳ᠎ᠤᠨ ᠢᠳᠡᠪᠬᠢᠲᠡᠢ ᠵᠣᠬᠢᠶᠠᠨ ᠪᠦᠲᠦᠭᠡᠵᠤ ᠪᠠᠢᠬᠤ ᠪᠠᠢᠳᠠᠯ᠎ᠢ ᠬᠠᠷᠠᠭᠤᠯ᠎ᠤᠨ᠂ ᠣᠳᠤ ᠦᠶ᠎ᠡ᠎ᠶᠢᠨ ᠪᠥᠵᠢᠭ᠂ ᠣᠷᠴᠢᠨ ᠦᠶ᠎ᠡ᠎ᠶᠢᠨ ᠪᠥᠵᠢᠭ᠎ᠦᠨ ᠬᠥᠭᠵᠢᠯᠲᠡ᠎ᠶᠢᠨ ᠰᠦᠪᠡᠭᠴᠢᠯᠡᠯᠲᠡ ᠪᠠ ᠳᠠᠪᠠᠯᠲᠠ᠎ᠵᠢ ᠢᠯᠡᠷᠡᠭᠦᠯᠦᠭᠰᠡᠨ ᠪᠠᠢᠨ᠎ᠠ᠃

ᠪᠥᠵᠢᠭ᠎ᠦᠨ ᠵᠣᠬᠢᠶᠠᠨ ᠪᠦᠲᠦᠭᠡᠯᠭᠡ᠎ᠶᠢ ᠬᠥᠲᠥᠯᠥᠨ ᠵᠢᠯᠤᠭᠣᠳᠬᠤ ᠪᠠ ᠳᠡᠮᠵᠢᠬᠦ ᠡᠷᠴᠢᠮ᠎ᠢᠶᠡᠨ ᠴᠢᠩᠭᠠᠷᠠᠭᠤᠯᠬᠤ᠎ᠶᠢᠨ ᠲᠥᠯᠥᠭᠡ᠂ ᠡᠴᠦᠰ᠎ᠦᠨ ᠰᠢᠯᠭᠠᠷᠠᠭᠤᠯᠤᠯᠲᠠ ᠵᠢᠨ ᠬᠤᠭᠤᠴᠠᠭᠠᠨ᠎ᠳᠤ ᠵᠣᠬᠢᠶᠠᠨ ᠪᠠᠶ᠋ᠢᠭᠤᠯᠬᠤ ᠺᠣᠮᠢᠰ᠎ᠠᠴᠠ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠣᠳᠤ ᠦᠶ᠎ᠡ᠎ᠶᠢᠨ ᠪᠥᠵᠢᠭ᠂ ᠣᠷᠴᠢᠨ ᠦᠶ᠎ᠡ᠎ᠶᠢᠨ ᠪᠥᠵᠢᠭ᠎ᠦᠨ ᠵᠣᠬᠢᠶᠠᠨ ᠪᠦᠲᠦᠭᠡᠯᠭᠡ᠎ᠶᠢᠨ ᠣᠳᠣᠬᠢ ᠪᠠᠢᠳᠠᠯ᠎ᠢ ᠭᠦᠨᠵᠡᠭᠡᠢ ᠰᠤᠳᠤᠯᠤᠨ ᠶᠠᠷᠢᠯᠴᠠᠬᠤ ᠪᠣᠯᠣᠨ᠎ᠠ᠃

ᠲᠤᠰ ᠵᠢᠷᠤᠭ᠎ᠢ ᠲᠤᠪᠴᠢᠳᠠᠵᠤ ᠨᠠᠷᠢᠨ ᠠᠭᠤᠯᠭ᠎ᠠ ᠵᠢ ᠦᠵᠡᠭᠡᠷᠡᠢ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄





ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃