ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2025-10-21 15:46:47

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2025 ᠣᠨ᠎ᠤ ᠢᠯᠢ·ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ 2025 ᠣᠨ᠎ᠤ 10 ᠰᠠᠷ᠎ᠠ᠎ᠶᠢᠨ 25᠎ᠤ ᠡᠳᠦᠷ᠎ᠦᠨ 16 ᠴᠠᠭ᠎ᠲᠤ ᠬᠥᠬᠡᠬᠣᠲᠠ᠎ᠶᠢᠨ ᠠᠷᠠᠳ᠎ᠤᠨ ᠪᠡᠶ᠎ᠡ᠎ᠶᠢᠨ ᠲᠠᠮᠢᠷ᠎ᠤᠨ ᠲᠠᠯᠠᠪᠠᠶ᠎ᠳᠤ ᠶᠠᠪᠤᠭᠳᠠᠨ᠎ᠠ᠂ ᠤᠷᠤᠯᠳᠤᠭᠠᠨ᠎ᠤ ᠤᠷᠤᠭᠰᠢᠲᠠᠢ ᠶᠠᠪᠤᠭᠳᠠᠬᠤ᠎ᠶᠢ ᠪᠠᠲᠤᠯᠠᠵᠤ᠂ ᠬᠥᠬᠡᠬᠣᠲᠠ᠎ᠶᠢᠨ ᠠᠷᠠᠳ᠎ᠤᠨ ᠪᠡᠶ᠎ᠡ᠎ᠶᠢᠨ ᠲᠠᠮᠢᠷ᠎ᠤᠨ ᠲᠠᠯᠠᠪᠠᠶ᠎ᠶᠢᠨ ᠡᠷᠬᠢᠨ ᠲᠣᠭᠣᠷᠢᠨ᠎ᠤ ᠵᠠᠮ ᠬᠠᠷᠢᠯᠴᠠᠭᠠᠨ᠎ᠤ ᠲᠦᠭᠵᠢᠷᠡᠯ᠎ᠢ ᠨᠠᠮᠳᠠᠭᠤᠯᠤᠨ᠂ ᠵᠠᠮ ᠬᠠᠷᠢᠯᠴᠠᠭᠠᠨ ᠤ᠋ ᠡᠨᠳᠡᠯ ᠭᠠᠷᠬᠤ᠎ᠡᠴᠡ ᠰᠡᠷᠭᠡᠢᠯᠡᠵᠦ᠂ ᠣᠯᠠᠨ ᠲᠦᠮᠡᠨ᠎ᠦ ᠳᠥᠭᠥᠮ ᠳᠥᠲᠡ᠎ᠪᠡᠷ ᠶᠠᠪᠤᠵᠦ ᠰᠠᠭᠤᠬᠤ᠎ᠶᠢ ᠪᠠᠲᠤᠯᠠᠬᠤ᠎ᠶᠢᠨ ᠲᠥᠯᠥᠭᠡ᠂ ᠬᠥᠬᠡᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ ᠬᠥᠬᠡᠬᠣᠲᠠ᠎ᠶᠢᠨ ᠠᠷᠠᠳ᠎ᠤᠨ ᠪᠡᠶ᠎ᠡ᠎ᠶᠢᠨ ᠲᠠᠮᠢᠷ᠎ᠤᠨ ᠲᠠᠯᠠᠪᠠᠶ ᠵᠢᠨ ᠡᠷᠬᠢᠨ ᠲᠣᠭᠣᠷᠢᠨ᠎ᠳᠦ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠠᠷᠭ᠎ᠠ ᠬᠡᠮᠵᠢᠶ᠎ᠡ ᠬᠡᠷᠡᠭᠵᠢᠭᠦᠯᠬᠦ᠎ᠪᠡᠷ ᠲᠣᠭᠲᠠᠪᠠ᠄

ᠨᠢᠭᠡ᠂ ᠠᠮᠤᠷ ᠲᠦᠪᠰᠢᠨ᠎ᠤ ᠰᠠᠨᠠᠭᠤᠯᠤᠮᠵᠢ

(ᠨᠢᠭᠡ) ᠦᠵᠡᠭᠴᠢᠳ ᠠᠯᠢ ᠴᠢᠳᠠᠬᠤ᠎ᠪᠠᠷ ᠨᠡᠶ᠋ᠢᠲᠡ᠎ᠶᠢᠨ ᠮᠠᠰᠢᠨ ᠲᠡᠷᠭᠡ᠂ 2 ᠳ᠋ᠤᠭᠠᠷ ᠱᠤᠭᠤᠮ᠎ᠤᠨ ᠮᠸᠲᠷᠤ᠋᠂ ᠨᠡᠢᠲᠡ ᠵᠢᠨ ᠳᠤᠭᠤᠢ ᠲᠡᠷᠭᠡ ᠵᠡᠷᠭᠡ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠪᠠᠭᠠᠵᠢ᠎ᠶᠢ ᠰᠣᠩᠭᠣᠭᠠᠷᠠᠢ᠃

(ᠬᠣᠶᠠᠷ) ᠮᠠᠰᠢᠨ ᠲᠡᠷᠭᠡ ᠵᠢᠯᠣᠭᠣᠳᠤᠨ ᠬᠥᠬᠡᠬᠣᠲᠠ᠎ᠳᠤ ᠢᠷᠡᠬᠦ ᠭᠠᠳᠠᠷ ᠣᠷᠣᠨ᠎ᠤ ᠦᠵᠡᠭᠴᠢᠳ᠂ ᠲᠡᠷᠭᠡ᠎ᠪᠡᠨ ᠤᠷᠤᠯᠳᠤᠭᠠᠨ᠎ᠤ ᠲᠤᠬᠠᠢ᠎ᠶᠢᠨ ᠲᠠᠯᠠᠪᠠᠶ᠎ᠶᠢᠨ ᠬᠠᠮᠢᠶᠠᠷᠤᠨ ᠡᠵᠡᠮᠳᠡᠬᠦ ᠵᠠᠮ ᠡᠴᠡ ᠪᠤᠰᠤᠳ ᠲᠡᠷᠭᠡᠨ ᠵᠣᠭᠰᠣᠭᠠᠯ᠎ᠳᠤ ᠵᠣᠭᠰᠣᠭᠠᠭᠠᠷᠠᠢ᠃

(ᠭᠤᠷᠪᠠ) ᠤᠷᠤᠯᠳᠤᠭᠠᠨ᠎ᠤ ᠬᠤᠭᠤᠴᠠᠭᠠᠨ᠎ᠳᠤ ᠨᠡᠢᠲᠡ ᠵᠢᠨ ᠳᠤᠭᠤᠢ ᠲᠡᠷᠭᠡ ᠤᠨᠤᠵᠦ ᠵᠠᠮ ᠬᠠᠷᠢᠯᠴᠠᠭᠠᠨ᠎ᠤ ᠬᠠᠮᠢᠶᠠᠷᠤᠨ ᠡᠵᠡᠮᠳᠡᠬᠦ ᠣᠷᠣᠨ᠎ᠳᠤ ᠣᠷᠣᠬᠤ᠎ᠶᠢ ᠴᠠᠭᠠᠵᠠᠯᠠᠨ᠎ᠠ᠂ ᠲᠤᠭᠤᠢ ᠲᠡᠷᠭᠡ ᠪᠠᠨ ᠤᠷᠢᠳᠴᠢᠯᠡᠨ ᠵᠤᠭᠰᠤᠭᠠᠵᠦ ᠶᠠᠪᠠᠭᠠᠨ᠎ᠢᠶᠠᠷ ᠤᠷᠤᠯᠳᠤᠭᠠᠨ᠎ᠤ ᠲᠤᠬᠠᠢ᠎ᠶᠢᠨ ᠲᠠᠯᠠᠪᠠᠢ ᠳ᠋ᠤ ᠬᠦᠷᠦᠬᠡᠷᠡᠢ᠃

(ᠳᠥᠷᠪᠡ) ᠤᠷᠤᠯᠳᠤᠭᠠᠨ᠎ᠤ ᠬᠤᠭᠤᠴᠠᠭᠠᠨ᠎ᠳᠤ᠂ ᠴᠠᠭ ᠠᠭᠤᠷ᠎ᠤᠨ ᠲᠣᠪᠴᠢᠶ᠎ᠠ᠎ᠶᠢᠨ ᠪᠠᠷᠠᠭᠤᠨ ᠭᠤᠳᠤᠮᠵᠢ (ᠮᠣᠷᠢᠨ ᠤᠷᠤᠯᠳᠤᠭᠠᠨ᠎ᠤ ᠲᠠᠯᠠᠪᠠᠢ᠎ᠶᠢᠨ ᠬᠣᠢᠲᠤ ᠵᠡᠭᠡᠯᠢ᠎ᠡᠴᠡ ᠡᠮᠦᠨᠡᠰᠢ)᠎ᠶᠢᠨ ᠬᠣᠶᠠᠷ ᠲᠠᠯ᠎ᠠ᠎ᠶᠢᠨ ᠰᠠᠭᠤᠭᠠᠯᠢ ᠠᠷᠠᠳ ᠬᠠᠢᠯᠠᠷ ᠵᠡᠭᠡᠯᠢ ᠪᠡᠷ ᠣᠷᠣᠵᠤ ᠭᠠᠷᠴᠦ ᠪᠣᠯᠣᠨ᠎ᠠ; ᠴᠠᠭ ᠠᠭᠤᠷ᠎ᠤᠨ ᠲᠣᠪᠴᠢᠶ᠎ᠠ ᠵᠢᠨ ᠪᠠᠷᠠᠭᠤᠨ ᠭᠤᠳᠤᠮᠵᠢ (ᠴᠢᠩᠭᠢᠰ᠎ᠬᠠᠭᠠᠨ ᠵᠡᠭᠡᠯᠢ᠎ᠡᠴᠡ ᠬᠣᠢᠰᠢ)᠎ᠶᠢᠨ ᠬᠣᠶᠠᠷ ᠲᠠᠯ᠎ᠠ᠎ᠶᠢᠨ ᠰᠠᠭᠤᠭᠠᠯᠢ ᠠᠷᠠᠳ ᠬᠣᠢᠲᠤ ᠲᠦᠷᠭᠡᠨ᠎ᠤ ᠵᠠᠮ᠎ᠤᠨ ᠡᠮᠦᠨ᠎ᠡ ᠲᠤᠰᠠᠯᠠᠬᠤ ᠵᠠᠮ᠎ᠢᠶᠠᠷ ᠣᠷᠣᠵᠤ ᠭᠠᠷᠴᠦ ᠪᠣᠯᠣᠨ᠎ᠠ; ᠰᠢᠨ᠎ᠡ ᠬᠣᠲᠠ ᠲᠣᠭᠣᠷᠢᠭ᠋᠎ᠤᠨ ᠵᠠᠰᠠᠭ᠎ᠤᠨ ᠣᠷᠳᠣᠨ᠎ᠤ ᠪᠠᠷᠠᠭᠤᠨ ᠭᠤᠳᠤᠮᠵᠢ᠎ᠶᠢᠨ ᠬᠣᠶᠠᠷ ᠲᠠᠯ᠎ᠠ᠎ᠶᠢᠨ ᠰᠠᠭᠤᠭᠠᠯᠢ ᠠᠷᠠᠳ ᠬᠣᠢᠲᠤ ᠲᠦᠷᠭᠡᠨ᠎ᠤ ᠵᠠᠮ᠎ᠤᠨ ᠡᠮᠦᠨ᠎ᠡ ᠲᠤᠰᠠᠯᠠᠬᠤ ᠵᠠᠮ᠎ᠢᠶᠠᠷ ᠣᠷᠣᠵᠤ ᠭᠠᠷᠴᠦ ᠪᠣᠯᠣᠨ᠎ᠠ; ᠪᠡᠶ᠎ᠡ᠎ᠶᠢᠨ ᠲᠠᠮᠢᠷ᠎ᠤᠨ ᠲᠥᠪ᠎ᠦᠨ ᠪᠠᠷᠠᠭᠤᠨ ᠭᠤᠳᠤᠮᠵᠢ᠎ᠶᠢᠨ ᠰᠠᠭᠤᠭᠠᠯᠢ ᠠᠷᠠᠳ ᠡᠮᠦᠨ᠎ᠡ ᠡᠭᠦᠳᠡ ᠪᠡᠷ ᠣᠷᠣᠵᠤ ᠭᠠᠷᠴᠤ ᠪᠣᠯᠣᠨ᠎ᠠ; ᠭᠠᠳᠠᠭ᠍ᠰᠢ ᠭᠠᠷᠬᠤ᠎ᠳᠤ ᠠᠯᠢ ᠴᠢᠳᠠᠬᠤ᠎ᠪᠠᠷ ᠨᠡᠶ᠋ᠢᠲᠡ᠎ᠶᠢᠨ ᠮᠠᠰᠢᠨ᠂ ᠮᠸᠲᠷᠤ᠋ ᠵᠡᠷᠭᠡ ᠨᠡᠶ᠋ᠢᠲᠡ᠎ᠶᠢᠨ ᠵᠠᠮ ᠬᠠᠷᠢᠯᠴᠠᠭᠠᠨ᠎ᠤ ᠪᠠᠭᠠᠵᠢ ᠰᠣᠩᠭᠣᠬᠤ᠎ᠶᠢ ᠰᠠᠨᠠᠭᠤᠯᠤᠶ᠎ᠠ᠃

ᠬᠣᠶᠠᠷ᠂ ᠵᠠᠮ ᠬᠠᠷᠢᠯᠴᠠᠭᠠᠨ᠎ᠤ ᠬᠠᠮᠢᠶᠠᠷᠤᠨ ᠡᠵᠡᠮᠳᠡᠬᠦ ᠵᠠᠮ᠎ᠤᠨ ᠬᠡᠰᠡᠭ

(ᠨᠢᠭᠡ) ᠤᠷᠤᠯᠳᠤᠭᠠᠨ᠎ᠤ ᠲᠣᠰ ᠡᠳᠦᠷ᠎ᠦᠨ 14 ᠴᠠᠭ᠎ᠠᠴᠠ 19 ᠴᠠᠭ ᠪᠣᠯᠲᠠᠯ᠎ᠠ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠵᠠᠮ ᠬᠠᠷᠢᠯᠴᠠᠭᠠᠨ ᠤ᠋ ᠬᠠᠮᠢᠶᠠᠷᠤᠯᠲᠠ᠎ᠶᠢᠨ ᠰᠠᠯᠠᠭ᠎ᠠ ᠮᠥᠴᠢᠷ ᠪᠠᠢᠳᠠᠯ᠎ᠢ ᠨᠢ ᠦᠵᠡᠵᠦ ᠪᠠᠢᠭᠠᠳ ᠴᠢᠩᠭᠢᠰ ᠬᠠᠭᠠᠨ ᠵᠡᠭᠡᠯᠢ (ᠲᠦᠨᠭ ᠳ᠋ᠤᠤ ᠵᠠᠮ᠎ᠠᠴᠠ ᠬᠥᠯᠥᠨ ᠬᠣᠢᠲᠤ ᠵᠠᠮ ᠬᠦᠷᠬᠦ ᠬᠡᠰᠡᠭ)᠂ ᠮᠣᠷᠢᠨ ᠤᠷᠤᠯᠳᠤᠭᠠᠨ᠎ᠤ ᠲᠠᠯᠠᠪᠠᠶ᠎ᠶᠢᠨ ᠬᠣᠢᠲᠤ ᠵᠡᠭᠡᠯᠢ (ᠲᠦᠨᠭ ᠳ᠋ᠤᠤ ᠵᠠᠮ᠎ᠠᠴᠠ ᠬᠥᠯᠥᠨ ᠬᠣᠢᠲᠤ ᠵᠠᠮ ᠬᠦᠷᠬᠦ ᠬᠡᠰᠡᠭ)᠂ ᠴᠠᠭ ᠠᠭᠤᠷ᠎ᠤᠨ ᠲᠣᠪᠴᠢᠶ᠎ᠠ᠎ᠶᠢᠨ ᠪᠠᠷᠠᠭᠤᠨ ᠵᠠᠮ (ᠴᠢᠩᠭᠢᠰ ᠬᠠᠭᠠᠨ ᠵᠡᠭᠡᠯᠢ᠎ᠡᠴᠡ ᠬᠠᠢᠯᠠᠷ ᠵᠡᠭᠡᠯᠢ ᠬᠦᠷᠬᠦ ᠬᠡᠰᠡᠭ)᠂ ᠪᠡᠶ᠎ᠡ᠎ᠶᠢᠨ ᠲᠠᠮᠢᠷ᠎ᠤᠨ ᠣᠷᠳᠣᠨ᠎ᠤ ᠵᠡᠭᠦᠨ ᠭᠤᠳᠤᠮᠵᠢ᠂ ᠪᠡᠶ᠎ᠡ᠎ᠶᠢᠨ ᠲᠠᠮᠢᠷ᠎ᠤᠨ ᠣᠷᠳᠣᠨ᠎ᠤ ᠪᠠᠷᠠᠭᠤᠨ ᠭᠤᠳᠤᠮᠵᠢ᠎ᠳᠤ ᠲᠦᠷ ᠴᠠᠭ᠎ᠤᠨ ᠵᠠᠮ ᠬᠠᠷᠢᠯᠴᠠᠭᠠᠨ᠎ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠶᠢ ᠬᠡᠷᠡᠭᠵᠢᠭᠦᠯᠵᠦ᠂ ᠲᠤᠬᠠᠢ᠎ᠶᠢᠨ ᠦᠶ᠎ᠡ᠎ᠳᠦ ᠡᠳᠡᠭᠡᠷ ᠵᠠᠮ ᠵᠢᠡᠷ ᠨᠡᠶ᠋ᠢᠲᠡ᠎ᠶᠢᠨ ᠮᠠᠰᠢᠨ ᠲᠡᠷᠭᠡ᠂ ᠣᠨᠴᠠᠭᠠᠢ ᠲᠡᠷᠭᠡ ᠬᠥᠰᠬᠡ᠎ᠡᠴᠡ ᠪᠤᠰᠤᠳ ᠲᠡᠷᠭᠡ ᠨᠡᠪᠲᠡᠷᠡᠬᠦ᠎ᠶᠢ ᠴᠠᠭᠠᠵᠠᠯᠠᠨ᠎ᠠ᠃

(ᠬᠣᠶᠠᠷ) ᠲᠦᠷᠢᠶᠡᠰᠦᠨ ᠮᠠᠰᠢᠨ᠎ᠳᠦ ᠰᠠᠭᠤᠵᠤ ᠤᠷᠤᠯᠳᠤᠭᠠᠨ᠎ᠤ ᠲᠤᠬᠠᠢ᠎ᠶᠢᠨ ᠲᠠᠯᠠᠪᠠᠶ᠎ᠳᠤ ᠬᠦᠷᠴᠤ ᠪᠤᠴᠠᠬᠤ ᠣᠯᠠᠨ ᠲᠦᠮᠡᠨ ᠵᠠᠮ ᠬᠠᠷᠢᠯᠴᠠᠭ᠎ᠠ᠎ᠶᠢ ᠬᠠᠮᠢᠶᠠᠷᠤᠨ ᠡᠵᠡᠮᠳᠡᠬᠦ ᠬᠡᠰᠡᠭ᠎ᠡᠴᠡ ᠭᠠᠳᠠᠨ᠎ᠠ ᠵᠠᠮ ᠬᠠᠷᠢᠯᠴᠠᠭ᠎ᠠ᠎ᠶᠢ ᠨᠥᠯᠥᠭᠡᠯᠡᠬᠦ ᠦᠭᠡᠢ ᠭᠠᠵᠠᠷ᠎ᠲᠤ 《ᠲᠦᠷᠭᠡᠨ ᠪᠠᠭᠤᠵᠥ ᠰᠠᠭᠤᠵᠥ ᠳᠠᠷᠤᠢ ᠳ᠋ᠤᠨᠢ ᠶᠠᠪᠤᠬᠤ》 ᠬᠡᠷᠡᠭᠳᠡᠢ᠃

(ᠭᠤᠷᠪᠠ) ᠴᠠᠭᠳᠠᠭᠠᠨ᠎ᠤ ᠲᠡᠷᠭᠡ᠂ ᠲᠦᠷᠭᠡᠨ ᠠᠪᠤᠷᠠᠯᠲᠡ ᠵᠢᠨ ᠲᠡᠷᠭᠡ᠂ ᠭᠠᠯ ᠤᠨᠲᠠᠷᠠᠭᠠᠬᠤ ᠲᠡᠷᠭᠡ᠂ ᠪᠠᠷᠢᠯᠭ᠎ᠠ᠎ᠶᠢᠨ ᠠᠶᠤᠯ᠎ᠠᠴᠠ ᠠᠪᠤᠷᠠᠬᠤ ᠲᠡᠷᠭᠡ ᠵᠡᠷᠭᠡ ᠣᠨᠴᠠᠭᠠᠢ ᠲᠡᠷᠭᠡ ᠪᠠᠴᠢᠮ ᠪᠠᠢᠳᠠᠯ ᠳ᠌ᠤ᠌ ᠤᠴᠠᠷᠠᠪᠠᠯ᠂ ᠰᠠᠭᠠᠳ ᠦᠭᠡᠢ ᠨᠡᠪᠲᠡᠷᠡᠬᠦ ᠵᠠᠮ᠎ᠢᠶᠠᠷ ᠡᠩ ᠲᠡᠷᠢᠭᠦᠨ᠎ᠳᠦ ᠨᠡᠪᠲᠡᠷᠡᠵᠥ ᠪᠤᠯᠤᠨ᠎ᠡ᠃

(ᠳᠥᠷᠪᠡ) ᠥᠷᠭᠡᠨ ᠣᠯᠠᠨ ᠵᠢᠯᠣᠭᠣᠴᠢ ᠡᠯᠧᠺᠲᠷᠣᠨ ᠵᠠᠮᠴᠢ᠎ᠶᠢ ᠠᠰᠢᠭ᠍ᠯᠠᠨ ᠶᠠᠪᠤᠵᠤ ᠰᠠᠭᠤᠬᠤ ᠵᠠᠮ ᠱᠤᠭᠤᠮ᠎ᠵᠢᠡᠨ ᠤᠷᠢᠳᠴᠢᠯᠠᠨ ᠲᠥᠯᠥᠪᠵᠢᠭᠦᠯᠬᠦ᠎ᠶᠢᠨ ᠬᠠᠮᠲᠤ ᠲᠤᠬᠠᠢ ᠎ᠶᠢᠨ ᠲᠠᠯᠠᠪᠠᠶ᠎ᠶᠢᠨ ᠵᠠᠮ ᠬᠠᠷᠢᠯᠴᠠᠭᠠᠨ᠎ᠤ ᠴᠠᠭᠳᠠᠭ᠎ᠠ᠎ᠶᠢᠨ ᠵᠢᠯᠣᠭᠣᠳᠤᠯᠭ᠎ᠠ᠎ᠶᠢ ᠳᠠᠭᠠᠬᠤ ᠬᠡᠷᠡᠭᠲᠡᠢ᠃

ᠢᠷᠡᠯᠲᠡ᠄ ᠤᠮᠠᠷᠠᠲᠦ ᠵᠢᠨ ᠰᠢᠨ᠎ᠡ ᠰᠤᠨᠢᠨ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面