ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2025-11-11 17:05:06

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

ᠠᠷᠠᠳ᠎ᠤᠨ ᠳᠡᠭᠡᠳᠦ ᠰᠢᠭᠦᠬᠦ ᠬᠣᠷᠢᠶ᠎ᠠ 11 ᠰᠠᠷ᠎ᠠ᠎ᠶᠢᠨ 9 ᠎ᠦ ᠡᠳᠦᠷ ᠵᠠᠮ ᠬᠠᠷᠢᠯᠴᠠᠭᠠᠨ᠎ᠤ ᠡᠨᠳᠡᠯ᠎ᠦᠨ ᠬᠠᠷᠢᠭᠤᠴᠠᠯᠭ᠎ᠠ᠎ᠶᠢᠨ ᠵᠠᠭᠤᠷᠠᠯᠳᠤᠭᠠᠨ᠎ᠤ ᠬᠡᠷᠡᠭ᠎ᠢ ᠰᠢᠭᠦᠬᠦ ᠳ᠋ᠤ ᠵᠤᠬᠢᠴᠠᠬᠤ ᠬᠠᠤᠯᠢ ᠴᠠᠭᠠᠵᠠ᠎ᠶᠢᠨ ᠠᠰᠠᠭᠤᠳᠠᠯ᠎ᠤᠳ᠎ᠤᠨ ᠲᠤᠬᠠᠢ ᠲᠠᠢᠯᠪᠤᠷᠢᠯᠠᠯᠲᠠ (ᠬᠣᠶᠠᠷ)(ᠰᠠᠨᠠᠯ ᠬᠤᠷᠢᠶᠠᠬᠤ ᠨᠣᠣᠷᠠᠭ) ᠶ᠋ᠢ ᠨᠡᠢᠲᠡᠯᠡᠵᠦ᠂ ᠨᠡᠢᠭᠡᠮ ᠨᠡᠶ᠋ᠢᠲᠡ᠎ᠡᠴᠡ ᠢᠯᠡ᠎ᠪᠡᠷ ᠰᠠᠨᠠᠯ ᠬᠤᠷᠢᠶᠠᠵᠦ ᠡᠬᠢᠯᠡᠪᠡ᠃ ᠲᠣᠰ ᠬᠠᠤᠯᠢ ᠵᠢᠨ ᠲᠠᠢᠯᠪᠤᠷᠢᠯᠠᠯᠲᠠ᠎ᠳᠤ 《ᠲᠡᠷᠭᠡᠨ ᠡᠭᠦᠳᠡ᠎ᠪᠡᠨ ᠬᠡᠨᠡᠳᠲᠡ ᠨᠡᠭᠡᠭᠡᠵᠦ ᠡᠨᠳᠡᠯ ᠡᠭᠦᠰᠭᠡᠬᠦ》᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠣᠯᠣᠨ ᠮᠠᠰᠢᠨ ᠲᠡᠷᠭᠡᠨ᠎ᠤ ᠵᠠᠮ ᠬᠠᠷᠢᠯᠴᠠᠭᠠᠨ᠎ᠤ ᠡᠨᠳᠡᠯ ᠡᠭᠦᠰᠦᠭᠰᠡᠨ᠎ᠡᠴᠡ ᠪᠣᠯᠵᠤ ᠮᠠᠰᠢᠨ ᠲᠡᠷᠭᠡᠨ᠎ᠦ ᠲᠠᠯ᠎ᠠ᠎ᠶᠢᠨ ᠬᠥᠮᠥᠨ᠎ᠦ ᠪᠡᠶ᠎ᠡ᠎ᠳᠦ ᠬᠣᠬᠢᠷᠠᠯ ᠤᠴᠠᠷᠠᠭᠤᠯᠤᠭᠰᠠᠨ ᠵᠡᠷᠭᠡ ᠠᠰᠠᠭᠤᠳᠠᠯ᠎ᠤᠨ ᠲᠤᠬᠠᠢ ᠲᠣᠭᠲᠠᠭᠠᠯ ᠭᠠᠷᠭᠠᠬᠤ᠎ᠪᠠᠷ ᠪᠠᠢᠵᠥ᠂ 11 ᠰᠠᠷ᠎ᠠ᠎ᠶᠢᠨ 15 ᠎ᠤ ᠡᠳᠦᠷ ᠪᠣᠯᠲᠠᠯ᠎ᠠ ᠰᠠᠨᠠᠯ ᠬᠤᠷᠢᠶᠠᠨ᠎ᠠ᠃

ᠲᠤᠰ ᠰᠠᠨᠠᠯ ᠬᠤᠷᠢᠶᠠᠬᠤ ᠨᠣᠣᠷᠠᠭ᠎ᠲᠤ᠂ ᠲᠦᠷᠢᠶᠡᠰᠦᠯᠡᠭᠰᠡᠨ᠂ ᠵᠢᠭᠡᠯᠡᠨ ᠬᠡᠷᠡᠭᠯᠡᠭᠰᠡᠨ ᠵᠡᠷᠭᠡ ᠪᠠᠢᠳᠠᠯ᠎ᠠᠴᠠ ᠪᠣᠯᠵᠤ ᠮᠠᠰᠢᠨ ᠲᠡᠷᠭᠡᠨ᠎ᠦ ᠥᠮᠴᠢᠯᠡᠭᠴᠢ᠂ ᠬᠠᠮᠢᠶᠠᠷᠤᠭ᠍ᠴᠢ ᠪᠣᠯᠣᠨ ᠬᠡᠷᠡᠭᠯᠡᠭᠴᠢ ᠨᠢ ᠨᠢᠭᠡ ᠬᠥᠮᠥᠨ ᠪᠢᠰᠢ ᠪᠣᠯᠬᠤ ᠦᠶ᠎ᠡ᠎ᠳᠦ ᠵᠠᠮ ᠬᠠᠷᠢᠯᠴᠠᠭᠠᠨ᠎ᠤ ᠡᠨᠳᠡᠯ ᠭᠠᠷᠴᠤ ᠪᠤᠰᠤᠳ᠎ᠲᠤ ᠬᠣᠬᠢᠷᠠᠯ ᠤᠴᠠᠷᠠᠭᠤᠯᠵᠤ᠂ ᠲᠣᠰ ᠮᠠᠰᠢᠨ ᠲᠡᠷᠭᠡᠨ᠎ᠦ ᠲᠠᠯ᠎ᠠ᠎ᠶᠢᠨ ᠬᠠᠷᠢᠭᠤᠴᠠᠯᠭ᠎ᠠ᠎ᠳᠤ ᠲᠣᠭᠠᠴᠠᠭᠳᠠᠪᠠᠯ᠂ ᠮᠠᠰᠢᠨ ᠲᠡᠷᠭᠡᠨ᠎ᠦ ᠥᠮᠴᠢᠯᠡᠭᠴᠢ᠂ ᠬᠠᠮᠢᠶᠠᠷᠤᠭ᠍ᠴᠢ ᠨᠢ ᠬᠣᠬᠢᠷᠠᠯ ᠡᠭᠦᠰᠬᠦ᠎ᠳᠦ ᠣᠰᠣᠯ᠎ᠲᠠᠢ ᠪᠠᠢᠵᠤ᠂ ᠡᠷᠬᠡ᠎ᠳᠦ ᠬᠠᠯᠳᠠᠭᠳᠠᠭ᠍ᠴᠢ ᠨᠢ ᠮᠠᠰᠢᠨ ᠲᠡᠷᠭᠡᠨ᠎ᠦ ᠬᠡᠷᠡᠭᠯᠡᠭᠴᠢ ᠪᠣᠯᠣᠨ ᠥᠮᠴᠢᠯᠡᠭᠴᠢ᠂ ᠬᠠᠮᠢᠶᠠᠷᠤᠭ᠍ᠴᠢ᠎ᠶᠢ ᠬᠠᠮᠳᠦ᠎ᠳᠤᠨᠢ ᠡᠷᠬᠡ᠎ᠳᠦ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠬᠡᠷᠡᠭᠳᠡᠢ ᠬᠡᠵᠥ ᠱᠠᠭᠠᠷᠳᠠᠭᠰᠠᠨ ᠪᠠᠢᠪᠠᠯ᠂ ᠬᠣᠬᠢᠷᠠᠯ ᠤᠴᠠᠷᠠᠭᠤᠯᠤᠭᠰᠠᠨ ᠮᠠᠰᠢᠨ ᠲᠡᠷᠭᠡᠨ᠎ᠦ ᠬᠡᠷᠡᠭᠯᠡᠭᠴᠢ ᠨᠢ ᠡᠭᠦᠷᠭᠡᠯᠡᠬᠦ ᠶᠣᠰᠣᠲᠠᠢ ᠪᠥᠬᠥ ᠬᠠᠷᠢᠭᠤᠴᠠᠯᠭ᠎ᠠ ᠵᠢ ᠡᠭᠦᠷᠭᠡᠯᠡᠵᠥ᠂ ᠮᠠᠰᠢᠨ ᠲᠡᠷᠭᠡᠨ᠎ᠦ ᠥᠮᠴᠢᠯᠡᠭᠴᠢ᠂ ᠬᠠᠮᠢᠶᠠᠷᠤᠭ᠍ᠴᠢ ᠨᠢ ᠲᠡᠭᠦᠨ᠎ᠦ ᠣᠰᠣᠯ᠎ᠤᠨ ᠬᠡᠪᠴᠢᠶᠡᠨ ᠳᠣᠲᠣᠷ᠎ᠠ ᠮᠠᠰᠢᠨ ᠲᠡᠷᠭᠡᠨ᠎ᠦ ᠬᠡᠷᠡᠭᠯᠡᠭᠴᠢ᠎ᠲᠠᠢ ᠬᠠᠮᠲᠤ᠎ᠪᠠᠷ ᠬᠠᠷᠢᠭᠤᠴᠠᠯᠭ᠎ᠠ ᠡᠭᠦᠷᠭᠡᠯᠡᠨ᠎ᠡ᠂ ᠭᠡᠪᠡᠴᠦ ᠬᠠᠷᠢᠭᠤᠴᠠᠯᠭ᠎ᠠ᠎ᠡᠭᠦᠷᠭᠡᠯᠡᠭᠴᠢ ᠵᠢᠨ ᠪᠣᠳᠠᠲᠠᠢ ᠲᠥᠯᠥᠪᠦᠷᠢ ᠵᠢᠨ ᠶᠡᠷᠦᠩᠬᠡᠢ ᠬᠡᠮᠵᠢᠶ᠎ᠡ ᠨᠢ ᠡᠷᠬᠡ᠎ᠳᠦ ᠬᠠᠯᠳᠠᠭᠳᠠᠭᠰᠠᠨ ᠬᠥᠮᠥᠨ᠎ᠦ ᠤᠯᠬᠤ ᠶᠣᠰᠣᠲᠠᠢ ᠲᠦᠯᠦᠪᠦᠷᠢ᠎ᠠᠴᠠ ᠬᠡᠲᠦᠷᠡᠵᠦ ᠪᠣᠯᠬᠤ ᠦᠭᠡᠢ ᠬᠡᠵᠥ ᠳᠤᠬᠳᠠᠭᠠᠪᠠ᠃

ᠰᠠᠨᠠᠯ ᠬᠤᠷᠢᠶᠠᠬᠤ ᠨᠣᠣᠷᠠᠭ᠎ᠲᠤ ᠪᠠᠰᠠ᠂ ᠲᠡᠷᠭᠡᠨ ᠡᠭᠦᠳᠡ ᠨᠡᠭᠡᠭᠡᠵᠦ ᠪᠤᠰᠤᠳ᠎ᠲᠦ ᠬᠣᠬᠢᠷᠠᠯ ᠤᠴᠠᠷᠠᠭᠤᠯᠬᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠣᠯᠣᠨ ᠮᠠᠰᠢᠨ ᠲᠡᠷᠭᠡ ᠵᠠᠮ ᠬᠠᠷᠢᠯᠴᠠᠭᠠᠨ᠎ᠤ ᠡᠨᠳᠡᠯ ᠡᠭᠦᠰᠬᠦ᠂ ᠡᠵᠡᠩᠨᠡᠯᠳᠡ ᠵᠢᠨ ᠪᠤᠰᠤ ᠮᠠᠰᠢᠨ ᠲᠡᠷᠭᠡ᠎ᠶᠢᠨ ᠵᠠᠮ ᠬᠠᠷᠢᠯᠴᠠᠭᠠᠨ᠎ᠤ ᠡᠨᠳᠡᠯ᠎ᠡᠭᠦᠰᠬᠦ᠎ᠳᠦ ᠲᠥᠯᠥᠪᠦᠷᠢ ᠦᠭᠡᠢ᠎ᠪᠡᠷ ᠲᠡᠷᠭᠡᠨ᠎ᠳᠦ ᠰᠠᠭᠤᠵᠤ ᠬᠣᠬᠢᠷᠠᠯ᠎ᠳᠤ ᠤᠴᠠᠷᠠᠭᠰᠠᠨ᠂ ᠴᠢᠷᠦᠭᠦᠯ ᠬᠡᠯᠪᠡᠷᠢ᠎ᠪᠡᠷ ᠵᠠᠮ ᠲᠡᠭᠡᠭᠡᠪᠦᠷᠢ᠎ᠶᠢᠨ ᠡᠵᠡᠩᠨᠡᠯᠲᠡ᠎ᠶᠢᠨ ᠠᠵᠢᠯᠯᠠᠭ᠎ᠠ ᠬᠢᠵᠦ ᠪᠠᠢᠭ᠎ᠠ ᠮᠠᠰᠢᠨ ᠲᠡᠷᠭᠡ᠎ᠶᠢᠨ ᠵᠠᠮ ᠬᠠᠷᠢᠯᠴᠠᠭᠠᠨ᠎ᠤ ᠡᠨᠳᠡᠯ ᠭᠠᠷᠤᠭᠰᠠᠨ ᠵᠡᠷᠭᠡ ᠲᠠᠯ᠎ᠠ᠎ᠳᠦ ᠲᠣᠭᠲᠠᠭᠠᠯ ᠭᠠᠷᠭᠠᠵᠠᠢ᠃

ᠠᠷᠠᠳ᠎ᠤᠨ ᠳᠡᠭᠡᠳᠦ ᠰᠢᠭᠦᠬᠦ ᠬᠣᠷᠢᠶ᠎ᠠ ᠡᠴᠡ ᠨᠡᠢᠭᠡᠮ᠎ᠦᠨ ᠡᠯ᠎ᠡ ᠡᠲᠡᠭᠡᠳ᠎ᠦᠨ ᠬᠢᠨ ᠡᠷᠬᠢᠮ ᠰᠠᠨᠠᠯ᠎ᠢᠶᠠᠨ ᠳᠤᠷᠠᠳᠬᠤ᠎ᠶᠢᠨ ᠬᠠᠮᠲᠤ ᠪᠣᠳᠠᠲᠠᠢ ᠰᠢᠯᠲᠠᠭᠠᠨ᠎ᠢᠶᠠᠨ ᠲᠣᠳᠣᠷᠬᠠᠢᠯᠠᠬᠤ ᠵᠢ ᠬᠦᠰᠡᠵᠦ ᠪᠠᠢᠨ᠎ᠠ᠃ ᠪᠢᠴᠢᠭ᠎ᠦᠨ ᠬᠡᠯᠪᠡᠷᠢ ᠵᠢᠨ ᠰᠠᠨᠠᠯ ᠵᠢᠡᠨ ᠪᠡᠭᠡᠵᠢᠩ ᠬᠣᠲᠠ᠎ᠶᠢᠨ ᠳ᠋ᠦᠩ ᠴᠧᠩ ᠲᠣᠭᠣᠷᠢᠭ᠋᠎ᠤᠨ ᠳ᠋ᠦᠩ ᠵᠢᠶᠣᠣ ᠮᠢᠨ ᠭᠤᠳᠤᠮᠵᠢ᠎ᠶᠢᠨ 27 ᠳ᠋ᠤᠭᠠᠷ ᠨᠣᠮᠧᠷ᠂ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠢᠷᠭᠡᠨ᠎ᠦ ᠬᠡᠷᠡᠭ᠎ᠦᠨ ᠰᠢᠭᠦᠨ ᠲᠠᠰᠤᠯᠤᠯᠲᠠ᠎ᠶᠢᠨ ᠨᠢᠭᠡᠳᠦᠭᠡᠷ ᠲᠢᠩᠬᠢᠮ᠎ᠤᠨ ᠪᠥᠸᠧ ᠼᠠᠢ ᠰᠢᠶᠠ᠎ᠳᠦ ᠢᠯᠡᠭᠡᠵᠦ ᠪᠤᠯᠤᠨ᠎ᠠ᠂ ᠰᠢᠤᠳᠠᠨ ᠨᠣᠮᠧᠷ 100745᠂ ᠡᠯᠧᠺᠲᠷᠣᠨ ᠰᠢᠤᠳᠠᠨ ᠬᠠᠢᠷᠴᠠᠭ mytlaw@163.com ᠎ᠳᠤ ᠢᠯᠡᠭᠡᠵᠦ ᠪᠣᠯᠣᠨ᠎ᠠ᠃

ᠨᠠᠷᠢᠨ ᠠᠭᠤᠯᠭ᠎ᠠ ᠵᠢ ᠲᠤᠤᠷᠠᠬᠢ 《ᠤᠤᠯ ᠵᠤᠬᠢᠶᠠᠯ ᠎ᠢ ᠦᠵᠡᠬᠦ》 (《阅读原文》) ᠭᠡᠰᠡᠨ ᠦᠰᠦᠭ᠎ᠢ ᠲᠤᠪᠴᠢᠳᠠᠵᠦ ᠦᠵᠡᠭᠡᠷᠡᠢ!

( ᠢᠷᠡᠯᠲᠡ᠄ ᠰᠢᠨᠬᠤᠸᠠ ᠬᠣᠷᠢᠶ᠎ᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄
兼容浏览器的HTML页面