2026-01-09 11:15:39
ᠬᠥᠬᠡᠬᠣᠲᠠ᠎ᠶᠢᠨ 《ᠭᠤᠷᠪᠠᠨ ᠵᠢᠯ᠎ᠳᠦ ᠠᠷᠪᠠᠨ ᠲᠠᠪᠤᠨ ᠲᠦᠮᠡᠨ ᠵᠠᠯᠠᠭᠤᠴᠤᠳ ᠢ ᠬᠥᠬᠡᠬᠣᠲᠠ᠎ᠳᠤ ᠦᠯᠡᠳᠡᠭᠡᠨ ᠠᠵᠢᠯᠯᠠᠭᠤᠯᠬᠤ ᠠᠵᠢᠯᠯᠠᠭ᠎ᠠ》᠎ᠶᠢ ᠨᠠᠢᠳᠠᠪᠤᠷᠢᠵᠢᠭᠤᠯᠬᠤ᠎ᠶᠢᠨ ᠲᠥᠯᠥᠭᠡ᠂ ᠵᠠᠯᠠᠭᠤᠴᠤᠳ᠎ᠤᠨ ᠨᠡᠢᠭᠡᠮ ᠲᠣᠭᠣᠷᠢᠭ᠋ ᠤᠨ ᠤᠷᠤᠨ ᠰᠠᠭᠤᠴᠠ ᠵᠢᠨ ᠠᠰᠠᠷ ᠬᠤᠳᠠᠯᠳᠤᠨ ᠠᠪᠬᠤ᠎ᠪᠠᠷ ᠭᠤᠶᠤᠴᠢᠯᠠᠬᠤ ᠨᠦᠭᠦᠴᠡᠯ᠎ᠳᠦ ᠲᠤᠬᠢᠷᠠᠭᠤᠯᠤᠯᠲᠠ ᠬᠢᠪᠡ᠄
ᠨᠢᠭᠡ᠂ ᠭᠤᠶᠤᠴᠢᠯᠠᠬᠤ ᠨᠥᠬᠥᠴᠡᠯ᠎ᠢ ᠠᠭᠤᠵᠢᠭᠤ ᠪᠣᠯᠭᠠᠪᠡ
ᠬᠦᠬᠡᠬᠤᠲᠠ᠎ᠶᠢᠨ ᠡᠷᠦᠬᠡ ᠠᠮᠠ᠎ᠲᠠᠢ ᠬᠥᠮᠥᠰ ᠪᠠ ᠴᠢᠳᠠᠪᠤᠷᠢᠲᠠᠨ ᠵᠢᠡᠷ ᠣᠷᠣᠭᠤᠯᠤᠨ ᠠᠪᠴᠢᠷᠠᠭᠰᠠᠨ ᠬᠦᠮᠦᠰ《ᠭᠤᠶᠤᠴᠢᠯᠠᠭ᠍ᠴᠢ ᠵᠢᠴᠢ ᠲᠡᠳᠡᠨ᠎ᠦ ᠭᠡᠷ ᠪᠦᠯᠢ᠎ᠶᠢᠨ ᠪᠦᠷᠢᠯᠳᠦᠭᠦᠨ ᠨᠢ ᠲᠣᠰ ᠬᠣᠲᠠ᠎ᠶᠢᠨ ᠬᠡᠪᠴᠢᠶᠡᠨ᠎ᠳᠦ ᠥᠪᠡᠷ᠎ᠦᠨ ᠣᠷᠣᠨ ᠰᠠᠭᠤᠴᠠ ᠦᠭᠡᠢ(ᠬᠥᠳᠡᠭᠡ ᠲᠣᠰᠬᠣᠨ᠎ᠤ ᠭᠡᠷ ᠪᠠᠢᠰᠢᠩ ᠪᠠᠭᠲᠠᠬᠤ ᠦᠭᠡᠢ)᠂ ᠡᠰᠡᠬᠦᠯ᠎ᠡ ᠭᠡᠷ ᠪᠦᠯᠢ᠎ᠶᠢᠨ ᠬᠥᠮᠥᠨ ᠳᠤᠮᠳᠠᠴᠢ᠎ᠶᠢᠨ ᠣᠷᠣᠨ ᠰᠠᠭᠤᠴᠠ ᠵᠢᠨ ᠪᠠᠷᠢᠯᠭ᠎ᠠ᠎ᠶᠢᠨ ᠲᠠᠯᠠᠪᠠᠶ ᠨᠢ 30 ᠲᠡᠭᠰᠢ ᠳᠥᠷᠪᠡᠯᠵᠢᠨ ᠮᠧᠲᠷ ᠬᠦᠷᠬᠦ ᠦᠭᠡᠢ ᠪᠠᠢᠬᠤ》 ᠨᠦᠭᠦᠴᠡᠯ᠎ᠢ ᠬᠠᠩᠭᠠᠳᠠᠭ ᠯᠠ ᠶᠤᠮ ᠪᠣᠯ᠂ ᠨᠡᠢᠭᠡᠮ᠎ᠦᠨ ᠪᠠᠲᠤᠯᠠᠭ᠎ᠠ ᠪᠤᠶᠤ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ ᠲᠤᠰᠢᠶᠠᠵᠤ ᠪᠠᠢᠭ᠎ᠠ ᠭᠡᠷᠡᠴᠢ ᠬᠠᠩᠭᠠᠬᠤ ᠴᠢᠬᠤᠯᠠ ᠦᠭᠡᠢ ᠪᠡᠷ ᠲᠠᠷᠤᠢᠬᠠᠨ ᠭᠤᠶᠤᠴᠢᠯᠠᠵᠤ ᠪᠣᠯᠣᠨ᠎ᠠ!
ᠬᠤᠶᠠᠷ᠂ ᠦᠨ᠎ᠡ ᠬᠠᠨᠭᠰᠢ ᠨᠢ ᠬᠢᠮᠲᠠ
ᠲᠤᠰ ᠲᠥᠷᠥᠯ ᠵᠦᠢᠯ ᠨᠢ《ᠪᠡᠯᠡ᠎ᠪᠠᠨ ᠪᠠᠲᠤᠯᠠᠵᠤ ᠪᠠᠭ᠎ᠠ ᠠᠰᠢᠭ᠋ ᠣᠯᠬᠤ》ᠵᠠᠷᠴᠢᠮ᠎ᠢ ᠴᠢᠩᠭ᠎ᠠ ᠵᠢᠷᠤᠮᠯᠠᠨ᠂ ᠠᠩᠬᠠᠨ᠎ᠤ ᠭᠡᠷ ᠪᠠᠷᠢᠯᠭ᠎ᠠ ᠵᠢᠨ ᠳᠤᠮᠳᠠᠴᠢ ᠦᠨ᠎ᠡ ᠨᠢ ᠵᠥᠪᠬᠡᠨ 5600 ᠲᠥᠭᠥᠷᠢᠭ / ᠲᠡᠭᠰᠢ ᠳᠥᠷᠪᠡᠯᠵᠢᠨ ᠮᠧᠲᠷ ᠬᠦᠷᠬᠦ ᠪᠥᠭᠡᠳ ᠪᠦᠬᠦᠨ᠎ᠢ ᠵᠠᠰᠠᠵᠤ ᠴᠢᠮᠡᠭᠯᠡᠭᠡᠳ ᠲᠤᠰᠢᠶᠠᠨ ᠥᠭᠴᠦ᠂ 《ᠪᠤᠭᠴᠤ ᠪᠤᠭᠤᠳᠠᠯ ᠵᠢᠠᠨ ᠠᠪᠤᠭᠠᠳ ᠰᠢᠭᠤᠳ ᠣᠷᠣᠵᠤ ᠰᠠᠭᠤᠬᠤ》ᠵᠢ ᠦᠨᠡᠨ ᠬᠦ᠌ ᠪᠠᠲᠤᠯᠠᠵᠦ᠂ ᠵᠠᠰᠠᠵᠤ ᠴᠢᠮᠡᠭᠯᠡᠬᠦ᠎ᠶᠢᠨ ᠪᠤᠬᠢᠨᠢᠳᠤᠯᠢ ᠪᠠᠭᠠᠰᠬᠠᠨ᠎ᠠ᠃
ᠨᠠᠩ ᠲᠤᠷᠠᠳᠤᠭᠤᠰᠢᠲᠠᠢ ᠨᠢ᠂ ᠵᠠᠯᠠᠭᠤᠴᠤᠳ᠎ᠤᠨ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ᠎ᠳᠦ ᠲᠣᠬᠢᠷᠠᠭᠤᠯᠵᠦ ᠬᠡᠳᠦᠨ ᠲᠦᠷᠦᠯ᠎ᠤᠨ ᠰᠤᠨᠭᠭᠤᠯᠲᠠ ᠲᠤᠬᠢᠷᠠᠭᠤᠯᠪᠠ᠄
42 ᠲᠡᠭᠰᠢ ᠳᠥᠷᠪᠡᠯᠵᠢᠨ ᠮᠧᠲᠷ᠎ᠤᠨ ᠨᠢᠭᠡ ᠦᠷᠦᠭᠡ ᠲᠡᠢ ᠣᠷᠣᠨ ᠰᠠᠭᠤᠴᠠ᠄ ᠠᠩᠬ᠎ᠠ ᠲᠤᠰᠢᠶᠠᠬᠤ ᠮᠥᠩᠭᠥ ᠨᠢ ᠵᠥᠪᠬᠡᠨ 3.5 ᠲᠦᠮᠡᠨ ᠲᠥᠭᠥᠷᠢᠭ᠂ ᠰᠠᠷ᠎ᠠ᠎ᠳᠤ 800 ᠭᠠᠷᠤᠢ ᠲᠥᠭᠥᠷᠢᠭ ᠲᠤᠰᠢᠶᠠᠨ᠎ᠠ;
56 ᠲᠡᠭᠰᠢ ᠳᠥᠷᠪᠡᠯᠵᠢᠨ ᠮᠧᠲᠷ᠎ᠤᠨ ᠤᠷᠤᠨ ᠰᠠᠭᠤᠴᠠ᠄ ᠰᠠᠷ᠎ᠠ᠎ᠳᠤ 1000 ᠭᠠᠷᠤᠢ ᠲᠥᠭᠥᠷᠢᠭ ᠲᠤᠰᠢᠶᠠᠨ᠎ᠠ;
75 ᠲᠡᠭᠰᠢ ᠳᠥᠷᠪᠡᠯᠵᠢᠨ ᠮᠸᠲᠷ᠎ᠤᠨ ᠬᠣᠶᠠᠷ ᠦᠷᠦᠭᠡ᠎ᠲᠠᠢ ᠤᠷᠤᠨ ᠰᠠᠭᠤᠴᠠ ᠪᠠ 90 ᠲᠡᠭᠰᠢ ᠳᠥᠷᠪᠡᠯᠵᠢᠨ ᠮᠸᠲᠷ᠎ᠤᠨ ᠭᠤᠷᠪᠠᠨ ᠦᠷᠦᠭᠡ᠎ᠲᠠᠢ ᠤᠷᠤᠨ ᠰᠠᠭᠤᠴᠠ᠄ ᠭᠡᠷ ᠪᠦᠯᠢ᠎ᠶᠢᠨ ᠣᠷᠣᠨ ᠰᠠᠭᠤᠴᠠ᠎ᠶᠢᠨ ᠬᠡᠷᠡᠭᠴᠡᠭᠡ ᠵᠢ ᠬᠠᠨᠭᠭᠠᠵᠦ᠂ ᠵᠠᠯᠠᠭᠤᠴᠤᠳ᠎ᠲᠤ ᠲᠠᠭᠠᠯᠠᠮᠵᠢᠲᠠᠢ ᠣᠷᠣᠨ ᠵᠠᠢ ᠬᠠᠩᠭᠠᠨ᠎ᠠ᠃
ᠵᠠᠯᠠᠭᠤᠴᠤᠳ᠎ᠤᠨ ᠨᠡᠢᠭᠡᠮ ᠲᠣᠭᠣᠷᠢᠭ᠋᠎ᠤᠨ ᠤᠷᠤᠨ ᠰᠠᠭᠤᠴᠠ ᠨᠢ ᠰᠠᠢᠬᠠᠨ ᠲᠣᠭᠣᠷᠢᠭ᠋᠎ᠤᠨ ᠵᠢᠨ ᠬᠠᠢᠵᠠᠮᠤᠨ ᠥᠨᠳᠥᠷ ᠬᠥᠭᠥᠷᠭᠡ ᠪᠣᠯᠣᠨ ᠶᠦᠩ ᠰᠢᠩ ᠵᠠᠮ᠎ᠤᠨ ᠠᠭᠤᠯᠵᠠᠷ᠎ᠲᠤ ᠪᠠᠢᠷᠢᠯᠠᠵᠤ᠂ ᠨᠡᠶ᠋ᠢᠲᠡ 210 ᠲᠦᠮᠡᠨ ᠲᠡᠭᠰᠢ ᠳᠥᠷᠪᠡᠯᠵᠢᠨ ᠮᠧᠲᠷ ᠪᠠᠢᠵᠤ᠂ ᠭᠤᠷᠪᠠᠨ ᠲᠣᠭᠣᠷᠢᠭ᠋ ᠬᠤᠪᠢᠶᠠᠨ ᠪᠦᠲᠦᠭᠡᠨ ᠪᠠᠢᠭᠤᠯᠵᠤ᠂ ᠠᠩᠬ᠎ᠠ ᠪᠠᠢᠭᠤᠯᠤᠭᠰᠠᠨ ᠲᠣᠭᠣᠷᠢᠭ᠋᠎ᠤᠨ ᠶᠡᠷᠦᠩᠬᠡᠢ ᠲᠠᠯᠠᠪᠠᠶ ᠨᠢ 26.7 ᠲᠦᠮᠡᠨ ᠲᠡᠭᠰᠢ ᠳᠥᠷᠪᠡᠯᠵᠢᠨ ᠮᠧᠲᠷ ᠪᠠᠢᠵᠤ᠂ 7-11 ᠳᠠᠪᠬᠤᠷ ᠥᠨᠳᠥᠷ ᠵᠠᠰᠠᠵᠦ ᠴᠢᠮᠡᠭᠰᠡᠨ ᠠᠰᠠᠷ᠎ᠤᠳ ᠪᠤᠯᠤᠨ᠎ᠠ᠃
ᠢᠷᠡᠯᠲᠡ᠄ ᠬᠦᠬᠡᠬᠤᠲᠠ ᠵᠢᠨ ᠬᠠᠮ ᠵᠠᠭᠤᠴᠢᠯᠠᠭᠤᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃