ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-01-14 15:32:55

ᠵᠣᠬᠢᠶᠠᠭ᠍ᠴᠢ᠄ ᠴᠠᠢ ᠰᠧ ᠶᠤᠸᠠᠨ ᠣᠩᠱᠢᠭ᠍ᠰᠠᠨ ᠣᠳᠠᠭ᠎ᠠ᠄ 3

1 ᠰᠠᠷ᠎ᠠ᠎ᠶᠢᠨ 12᠎ᠤᠨ ᠡᠳᠦᠷ᠂ ᠰᠤᠷᠪᠤᠯᠵᠢᠯᠠᠭᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠠᠴᠠ ᠣᠶ᠋ᠢᠯᠠᠭᠠᠭᠰᠠᠨ ᠵᠢᠡᠷ᠂ ᠠᠩᠬᠠᠳᠤᠭᠠᠷ ᠬᠤᠭᠤᠴᠠᠭᠠᠨ᠎ᠤ ᠵᠡᠭᠦᠨ ᠬᠣᠢᠲᠤ ᠣᠷᠣᠨ᠎ᠤ ᠬᠣᠲᠠ᠎ᠶᠢᠨ ᠬᠥᠯ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ 5 ᠰᠠᠷ᠎ᠠ᠎ᠳᠤ ᠡᠬᠢᠯᠡᠵᠦ ᠤᠷᠤᠯᠳᠤᠬᠤ ᠪᠡᠷ ᠪᠤᠢ᠂ 《ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠯ ᠪᠦᠮᠪᠦᠭᠡ ᠵᠢᠨ ᠬᠡᠳᠦ ᠲᠡᠰ᠎ᠤᠨ ᠬᠤᠯᠪᠤᠭᠠᠲᠦ ᠤᠷᠤᠯᠳᠤᠭᠠᠨ》᠎ᠳᠦ ᠮᠠᠩᠯᠠᠢᠯᠠᠬᠰᠠᠨ ᠬᠥᠬᠡᠬᠣᠲᠠ᠎ᠶᠢᠨ ᠠᠩᠭᠢ ᠪᠣᠯᠣᠨ ᠳᠡᠳ᠋ᠯᠡᠭᠰᠡᠨ ᠲᠦᠩᠯᠢᠶᠣᠣ᠎ᠶᠢᠨ ᠠᠩᠭᠢ ᠲᠤᠰ ᠤᠷᠤᠯᠳᠤᠭᠠᠨ᠎ᠳᠤ ᠣᠷᠣᠯᠴᠠᠬᠤ ᠪᠤᠯᠤᠨ᠎ᠠ᠃

ᠣᠢᠯᠠᠭᠠᠭᠰᠠᠨ᠎ᠢᠶᠠᠷ᠂ ᠵᠡᠭᠦᠨ ᠬᠣᠢᠲᠤ ᠣᠷᠣᠨ᠎ᠤ ᠬᠣᠲᠠ᠎ᠶᠢᠨ ᠬᠥᠯ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ᠎ᠢ ᠡᠩ᠎ᠦᠨ ᠤᠷᠤᠯᠳᠤᠭᠠᠨ ᠪᠠ ᠰᠢᠭᠰᠢᠭᠡ ᠤᠷᠤᠯᠳᠤᠭᠠᠨ ᠭᠡᠵᠦ ᠬᠣᠶᠠᠷ ᠱᠠᠲᠤ ᠬᠤᠪᠢᠶᠠᠨ ᠶᠠᠪᠤᠬᠳᠠᠭᠤᠯᠤᠨ᠎ᠠ᠃ ᠯᠢᠶᠣᠤᠨᠢᠩ ᠮᠤᠵᠢ᠎ᠶᠢᠨ ᠮᠦᠭᠳᠡᠨ ᠬᠣᠲᠠ᠂ ᠳ᠋ᠠᠯᠢᠶᠠᠨ ᠬᠣᠲᠠ; ᠭᠢᠷᠢᠨ ᠮᠤᠵᠢ᠎ᠶᠢᠨ ᠴᠠᠩᠴᠦ᠋ᠨ ᠬᠣᠲᠠ᠂ ᠶᠠᠨ ᠪᠢᠶᠠᠨ ᠵᠧᠦ; ᠬᠠᠷᠠᠮᠥ᠋ᠷᠡᠨ ᠮᠤᠵᠢ᠎ᠶᠢᠨ ᠬᠠᠷᠪᠢᠨ ᠬᠣᠲᠠ᠂ ᠵᠢᠢ ᠰᠢ ᠬᠣᠲᠠ; ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠂ ᠲᠦᠩᠯᠢᠶᠣᠣ ᠬᠣᠲᠠ ᠵᠡᠷᠭᠡ 8 ᠪᠥᠮᠪᠥᠭᠡᠨ ᠠᠩᠭᠢ ᠦᠷᠢᠰᠦᠯᠳᠦᠨ᠎ᠡ᠃ ᠡᠭᠦᠨ᠎ᠳᠦ᠂ ᠡᠩ᠎ᠦᠨ ᠤᠷᠤᠯᠳᠤᠭᠠᠨ᠎ᠢ 5 ᠰᠠᠷ᠎ᠠ᠎ᠶᠢᠨ 23᠎ᠤ ᠡᠳᠦᠷ᠎ᠡᠴᠡ 8 ᠰᠠᠷ᠎ᠠ᠎ᠶᠢᠨ 15᠎ᠤ ᠡᠳᠦᠷ ᠪᠣᠯᠲᠠᠯ᠎ᠠ ᠶᠠᠪᠤᠬᠳᠠᠭᠤᠯᠬᠤ ᠎ᠪᠡᠷ ᠲᠦᠷ ᠲᠣᠭᠲᠠᠵᠤ᠂ ᠰᠢᠭᠰᠢᠭᠡ ᠤᠷᠤᠯᠳᠤᠭᠠᠨ (ᠶᠡᠷᠦᠩᠬᠡᠢ ᠰᠢᠢᠳᠪᠦᠷᠢᠲᠦ ᠤᠷᠤᠯᠳᠤᠭᠠᠨ)᠎ᠢ 9 ᠰᠠᠷ᠎ᠠ᠎ᠶᠢᠨ 5 ᠎ᠤ ᠡᠳᠦᠷ᠎ᠡᠴᠡ 10 ᠰᠠᠷ᠎ᠠ᠎ᠶᠢᠨ 1 ᠎ᠦ ᠡᠳᠦᠷ ᠪᠣᠯᠲᠠᠯ᠎ᠠ ᠶᠠᠪᠤᠬᠳᠠᠭᠤᠯᠬᠤ ᠪᠡᠷ ᠲᠣᠬᠢᠷᠠᠭᠤᠯᠪᠠ᠃

ᠲᠤᠰ ᠤᠷᠤᠯᠳᠤᠭᠠᠨ ᠨᠢ ᠤᠷᠤᠯᠳᠤᠭᠠᠨ᠎ᠳᠤ ᠣᠷᠣᠯᠴᠠᠬᠤ ᠲᠣᠳᠣᠷᠬᠠᠢ ᠵᠢᠷᠤᠮᠵᠢᠯ ᠲᠤᠭᠲᠠᠭᠠᠪᠠ᠃ ᠪᠥᠮᠪᠥᠭᠡᠴᠢᠨ ᠡᠷᠬᠡᠪᠰᠢ 16 — 40 ᠪᠦᠬᠦᠯᠢ ᠨᠠᠰᠤᠨ᠎ᠤ ᠳᠤᠮᠳᠠᠳᠤ ᠤᠯᠤᠰ᠎ᠤᠨ ᠡᠷᠡᠭᠲᠡᠢ ᠤᠷᠤᠯᠴᠠᠭᠴᠢ ᠪᠠᠢᠬᠤ ᠬᠡᠷᠡᠭᠲᠡᠢ ᠪᠥᠭᠡᠳ ᠲᠥᠯᠥᠭᠡᠯᠡᠬᠦ ᠬᠣᠲᠠ᠎ᠶᠢᠨ ᠡᠷᠦᠬᠡ ᠠᠮᠠ᠂ ᠰᠤᠷᠭᠠᠭᠤᠯᠢ᠎ᠶᠢᠨ ᠬᠠᠷᠢᠶ᠎ᠠ᠂ ᠬᠠᠷᠢᠶ᠎ᠠ ᠭᠠᠵᠠᠷ ᠪᠤᠶᠤ ᠨᠡᠢᠭᠡᠮ᠎ᠦᠨ ᠪᠠᠲᠤᠯᠠᠭ᠎ᠠ ᠵᠡᠷᠭᠡ ᠡᠴᠡ ᠨᠠᠭᠠᠲᠤ ᠵᠠᠬ᠎ᠠ᠎ᠳᠠᠭᠠᠨ ᠨᠢᠭᠡ ᠨᠥᠬᠥᠴᠡᠯ᠎ᠢ ᠬᠠᠩᠭᠠᠬᠤ ᠬᠡᠷᠡᠭᠲᠡᠢ᠃ ᠳᠤᠮᠳᠠᠳᠤ ᠤᠯᠤᠰ᠎ᠤᠨ ᠬᠥᠯ ᠪᠥᠮᠪᠥᠭᠡ᠎ᠶᠢᠨ ᠨᠡᠢᠭᠡᠮᠯᠢᠭ᠎ᠦᠨ ᠬᠡᠳᠦ ᠳᠡᠰ᠎ᠤᠨ ᠬᠣᠯᠪᠣᠭᠠᠲᠤ ᠤᠷᠤᠯᠳᠤᠭᠠᠨ᠂ ᠳᠤᠮᠳᠠᠳᠤ ᠤᠯᠤᠰ᠎ᠤᠨ ᠬᠥᠯ ᠪᠥᠮᠪᠥᠭᠡ᠎ᠶᠢᠨ ᠨᠡᠢᠭᠡᠮᠯᠢᠭ᠎ᠦᠨ ᠬᠥᠬᠡ ᠳᠡᠰ᠎ᠤᠨ ᠬᠣᠯᠪᠣᠭᠠᠲᠤ ᠤᠷᠤᠯᠳᠤᠭᠠᠨ᠂ ᠳᠤᠮᠳᠠᠳᠤ ᠤᠯᠤᠰ᠎ᠤᠨ ᠬᠥᠯ ᠪᠥᠮᠪᠥᠭᠡ᠎ᠶᠢᠨ ᠨᠡᠢᠭᠡᠮᠯᠢᠭ᠎ᠦᠨ ᠬᠥᠬᠡᠭᠴᠢᠨ ᠳᠡᠰ᠎ᠤᠨ ᠬᠣᠯᠪᠣᠭᠠᠲᠤ ᠤᠷᠤᠯᠳᠤᠭᠠᠨ᠎ᠤ ᠠᠵᠢᠯ ᠮᠡᠷᠭᠡᠵᠢᠯ᠎ᠤᠨ ᠺᠯᠦ᠋ᠪ᠎ᠲᠤ ᠲᠠᠨᠭᠰᠠᠯᠠᠭᠤᠯᠤᠭᠰᠠᠨ ᠪᠥᠮᠪᠥᠭᠡᠴᠢᠨ ᠤᠷᠤᠯᠳᠤᠭᠠᠨ᠎ᠳᠤ ᠣᠷᠣᠯᠴᠠᠬᠤ᠎ᠶᠢ ᠴᠠᠭᠠᠵᠠᠯᠠᠨ᠎ᠠ᠂ ᠭᠡᠪᠡᠴᠦ ᠮᠤᠵᠢ᠎ᠶᠢᠨ ᠳᠣᠲᠣᠷᠠᠬᠢ (ᠣᠷᠣᠨ᠎ᠤ ᠳᠣᠲᠣᠷᠠᠬᠢ) ᠪᠥᠮᠪᠥᠭᠡᠴᠢᠳ᠎ᠦᠨ ᠬᠢᠵᠠᠭᠠᠷ᠎ᠲᠠᠢ ᠰᠣᠯᠢᠯᠴᠠᠭ᠎ᠠ ᠬᠢᠬᠦ ᠎ᠶᠢ ᠵᠥᠪᠰᠢᠶᠡᠷᠡᠵᠦ᠂ ᠬᠠᠷᠢᠴᠠᠯ᠎ᠢ 40%᠎ᠠᠴᠠ ᠬᠡᠲᠦᠷᠡᠭᠦᠯᠵᠦ ᠪᠣᠯᠬᠤ ᠦᠭᠡᠢ᠃

ᠵᠡᠭᠦᠨ ᠬᠣᠢᠲᠤ ᠣᠷᠣᠨ᠎ᠤ ᠬᠣᠲᠠ᠎ᠶᠢᠨ ᠬᠥᠯ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ᠎ᠤ ᠴᠠᠭ ᠨᠢ 2026 ᠣᠨ᠎ᠤ 《ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠯ ᠪᠦᠮᠪᠦᠭᠡ ᠵᠢᠨ ᠬᠡᠳᠦ ᠲᠡᠰ᠎ᠤᠨ ᠬᠤᠯᠪᠤᠭᠠᠲᠦ ᠤᠷᠤᠯᠳᠤᠭᠠᠨ》 ᠲᠠᠢ ᠳᠡᠭᠡᠳᠦ ᠬᠡᠮᠵᠢᠶ᠎ᠡ ᠪᠡᠷ ᠳᠠᠪᠬᠤᠴᠠᠭᠰᠠᠨ᠎ᠠᠴᠠ ᠬᠥᠬᠡᠬᠣᠲᠠ ᠵᠢᠨ ᠠᠩᠭᠢ ᠪᠣᠯᠣᠨ ᠲᠦᠩᠯᠢᠶᠣᠣ᠎ᠶᠢᠨ ᠠᠩᠭᠢ ᠬᠤᠶᠠᠷ ᠤᠷᠤᠯᠳᠤᠭᠠᠨ᠎ᠳᠦ ᠦᠷᠢᠰᠦᠯᠳᠦᠬᠦ ᠴᠢᠬᠤᠯᠠᠲᠠᠢ ᠪᠣᠯᠵᠠᠢ᠂ ᠡᠨᠡ ᠨᠢ ᠬᠣᠶᠠᠷ ᠪᠥᠮᠪᠥᠭᠡᠨ ᠠᠩᠭᠢ᠎ᠳᠤ ᠠᠪᠴᠤ ᠬᠡᠯᠡᠪᠡᠯ ᠪᠠᠭ᠎ᠠ ᠪᠤᠰᠤ ᠰᠢᠯᠭᠠᠯᠲᠠ ᠪᠣᠯᠬᠤ ᠶᠤᠮ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面