ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-01-20 15:59:50

ᠵᠣᠬᠢᠶᠠᠭ᠍ᠴᠢ᠄ ᠭᠤᠤ ᠬᠤᠢ ᠣᠩᠱᠢᠭ᠍ᠰᠠᠨ ᠣᠳᠠᠭ᠎ᠠ᠄

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ 2026 ᠤᠨ᠎ᠳᠤ ᠥᠪᠥᠷ ᠮᠣᠩᠭᠣᠯ ᠵᠠᠮ ᠬᠠᠷᠢᠯᠴᠠᠭ᠎ᠠ ᠪᠠ ᠵᠢᠭᠤᠯᠴᠢᠯᠠᠯ᠎ᠤᠨ ᠠᠭᠤᠰᠤᠯᠴᠠᠯ᠎ᠢ ᠦᠷᠭᠦᠯᠵᠢᠯᠡᠨ ᠭᠦᠨᠵᠡᠭᠡᠢᠷᠡᠭᠦᠯᠬᠦ ᠪᠣᠯᠣᠨ᠎ᠠ᠃ ᠬᠥᠬᠡᠬᠣᠲᠠ ᠵᠢᠨ S237 ᠱᠤᠭᠤᠮ᠂ ᠲᠦᠩᠯᠢᠶᠣᠣ ᠬᠤᠳᠠ ᠵᠢᠨ G111 ᠱᠤᠭᠤᠮ᠂ ᠤᠯᠠᠭᠠᠨᠬᠠᠳᠠ ᠬᠤᠳᠠ ᠵᠢᠨ S530 ᠱᠤᠭᠤᠮ᠂ ᠤᠯᠠᠭᠠᠨᠴᠠᠪ ᠬᠤᠳᠠ ᠵᠢᠨ S533 ᠱᠤᠭᠤᠮ᠂ ᠪᠠᠶᠠᠨᠨᠠᠭᠤᠷ ᠬᠤᠳᠠ ᠵᠢᠨ G331 ᠱᠤᠭᠤᠮ᠂ ᠰᠢᠯᠢ᠎ᠶᠢᠨ ᠭᠣᠣᠯ ᠠᠢᠮᠠᠭ ᠎ᠤᠨ G331 ᠱᠤᠭᠤᠮ ᠵᠡᠷᠭᠡ 6 ᠵᠤᠷᠪᠤᠰ᠂ ᠨᠡᠢ᠍ᠢᠳᠡ 408 ᠺᠢᠯᠤᠮᠸᠲᠷ᠎ᠤᠨ ᠵᠢᠭᠤᠯᠴᠢᠯᠠᠯ ᠎ᠤᠨ ᠵᠠᠰᠠᠮᠠᠯ ᠵᠠᠮ᠎ᠢ ᠵᠠᠰᠠᠵᠦ ᠥᠪᠥᠷ ᠮᠣᠩᠭᠣᠯ᠎ᠤᠨ ᠥᠪᠡᠰᠦᠪᠡᠨ ᠲᠡᠷᠭᠡ ᠵᠢᠯᠤᠭᠣᠳᠴᠤ ᠵᠢᠭᠤᠯᠴᠢᠯᠠᠬᠤ ᠵᠠᠮ ᠬᠠᠷᠢᠯᠴᠠᠭᠠᠨ᠎ᠤ ᠲᠣᠣᠷ ᠰᠦᠯᠵᠢᠶ᠎ᠡ᠎ᠵᠢ ᠴᠢᠨᠠᠭᠰᠢᠳᠠ ᠨᠢᠭ᠍ᠲᠠ ᠰᠦᠯᠵᠢᠬᠦ ᠪᠤᠯᠤᠨ᠎ᠠ᠃

ᠥᠪᠡᠷᠲᠡᠭᠡᠨ ᠵᠠᠰᠠᠬᠤ᠎ᠤᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ᠎ᠳᠠᠭᠠᠨ᠂ ᠵᠢᠭᠤᠯᠴᠢᠯᠠᠯ᠎ᠤᠨ ᠵᠠᠰᠠᠮᠠᠯ ᠵᠠᠮ᠎ᠢ ᠵᠠᠰᠠᠬᠤ᠎ᠠᠴᠠ ᠭᠠᠳᠠᠨ᠎ᠠ᠂ ᠡᠨᠡ ᠵᠢᠯ ᠪᠠᠰᠠ 《ᠵᠠᠮ ᠬᠠᠷᠢᠯᠴᠠᠭ᠎ᠠ + ᠰᠣᠶᠣᠯ ᠵᠢᠭᠤᠯᠴᠢᠯᠠᠯ》᠎ᠤᠨ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ ᠲᠠᠪᠴᠠᠩ ᠪᠠᠢᠭᠤᠯᠵᠤ᠂ ᠭᠣᠣᠯᠳᠠᠯᠭ᠎ᠠ᠎ᠲᠠᠢ ᠦᠵᠡᠮᠵᠢ ᠵᠢᠨ ᠤᠷᠣᠨ᠎ᠤ ᠨᠡᠶ᠋ᠢᠲᠡ᠎ᠶᠢᠨ ᠵᠠᠮ ᠬᠠᠷᠢᠯᠴᠠᠭᠠᠨ᠎ᠤ ᠲᠤᠰᠬᠠᠢ ᠱᠤᠭᠤᠮ᠎ᠢ ᠨᠠᠪᠲᠠᠷᠡᠭᠦᠯᠵᠦ᠂ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠶᠢ ᠵᠤᠯᠭᠠᠭᠤᠯᠬᠤ ᠦᠢᠯᠡᠴᠢᠯᠡᠭᠡ ᠬᠠᠩᠭᠠᠵᠤ᠂ ᠵᠢᠭᠤᠯᠴᠢᠯᠠᠯ᠎ᠤᠨ ᠲᠤᠰᠬᠠᠢ ᠭᠠᠯᠲᠤ ᠲᠡᠷᠭᠡ᠂ ᠨᠠᠰᠤᠲᠠᠳ᠎ᠤᠨ ᠵᠢᠭᠤᠯᠴᠢᠯᠠᠯ᠎ᠤᠨ ᠭᠠᠯᠲᠤ ᠲᠡᠷᠭᠡ᠂ ᠠᠭᠠᠷ᠎ᠤᠨ ᠠᠶᠠᠯᠠᠯ᠎ᠤᠨ ᠲᠦᠷᠭᠡᠨ ᠱᠤᠭᠤᠮ᠂ ᠠᠶᠠᠨᠴᠢᠨ᠎ᠤ ᠵᠦᠭᠡᠭᠡᠪᠦᠷᠢ᠎ᠶᠢᠨ ᠲᠤᠰᠬᠠᠢ ᠨᠢᠰᠬᠡᠯ ᠵᠡᠷᠭᠡ᠎ᠶᠢ ᠭᠠᠷᠭᠠᠵᠤ᠂ ᠠᠳᠠᠯᠢ ᠪᠤᠰᠤ ᠬᠥᠮᠥᠰ᠎ᠦᠨ ᠶᠠᠪᠤᠵᠤ ᠰᠠᠭᠤᠬᠤ ᠬᠡᠷᠡᠭᠴᠡᠭᠡ᠎ᠶᠢ ᠬᠠᠩᠭᠠᠨ᠎ᠠ ᠭᠡᠵᠡᠢ᠃

2025 ᠤᠨ᠎ᠳᠤ᠂ ᠥᠪᠥᠷ ᠮᠣᠩᠭᠣᠯ᠎ᠤᠨ 3A ᠲᠠᠰ᠎ᠠᠴᠠ ᠳᠡᠭᠡᠭᠰᠢᠬᠢ ᠦᠵᠡᠮᠵᠢ᠎ᠶᠢᠨ᠎ᠤᠷᠣᠨ᠎ᠳᠤ ᠴᠥᠮ ᠳᠡᠰᠲᠦ ᠵᠠᠰᠠᠮᠠᠯ ᠵᠠᠮ ᠨᠡᠪᠲᠡᠷᠡᠵᠦ᠂ ᠤᠯᠤᠰ᠎ᠤᠨ ᠵᠠᠮ 331 ᠬᠠᠮᠤᠭ᠎ᠤᠨ ᠭᠣᠶᠣ᠌ ᠬᠢᠯᠢ᠎ᠶᠢᠨ ᠵᠠᠰᠠᠮᠠᠯ ᠵᠠᠮ ᠵᠡᠷᠭᠡ ᠨᠢᠭᠡ ᠪᠦᠯᠦᠭ᠎ᠤᠨᠴᠠᠯᠢᠭ᠍ᠲᠤ ᠵᠢᠭᠤᠯᠴᠢᠯᠠᠯ᠎ᠤᠨ ᠵᠠᠰᠠᠮᠠᠯ ᠵᠠᠮ ᠨᠢ ᠥᠪᠡᠰᠦᠪᠡᠨ ᠲᠡᠷᠭᠡ ᠵᠢᠯᠤᠭᠣᠳᠬᠤ ᠪᠠᠬᠠᠲᠠᠳ᠎ᠤᠨ ᠰᠣᠩᠭᠣᠯᠲᠠ ᠪᠣᠯᠵᠤ᠂ 23 ᠵᠢᠭᠤᠯᠴᠢᠯᠠᠯ᠎ᠤᠨ ᠬᠡᠯᠪᠡᠷᠢ᠎ᠶᠢᠨ ᠦᠢᠯᠡᠴᠢᠯᠡᠭᠡᠨ᠎ᠦ ᠲᠣᠭᠣᠷᠢᠭ᠋᠂ 6 ᠬᠣᠣᠰ ᠴᠢᠨᠠᠷ ᠴᠢᠨᠰᠠᠭ᠎ᠠ᠎ᠰᠠᠢᠳᠠᠢ ᠵᠢᠱ᠌ᠢᠶ᠎ᠡ ᠦᠵᠡᠭᠦᠯᠬᠦ ᠦᠢᠯᠡᠴᠢᠯᠡᠭᠡᠨ᠎ᠦ ᠲᠣᠭᠣᠷᠢᠭ᠋᠎ᠢ᠎ᠢᠵᠢᠯ ᠠᠯᠬᠤᠮ᠎ᠢᠶᠠᠷ ᠬᠦᠭᠵᠢᠭᠦᠯᠪᠠ᠂ ᠡᠭᠦᠨ᠎ᠳᠦ ᠭᠠᠯᠲᠤ ᠠᠭᠤᠯᠠ᠎ᠶᠢᠨ ᠭᠠᠵᠠᠷ ᠰᠢᠨᠵᠢᠯᠡᠭᠡᠨ᠎ᠦ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠪᠠ ᠰᠠᠨᠰᠠᠷ᠎ᠤᠨ ᠠᠶᠠᠯᠠᠯ᠎ᠤᠨ ᠰᠣᠶᠣᠯ᠎ᠲᠠᠢ ᠠᠭᠤᠰᠤᠯᠴᠠᠭᠰᠠᠨ ᠪᠠᠶᠠᠨᠨᠠᠭᠤᠷ ᠦᠢᠯᠡᠴᠢᠯᠡᠭᠡᠨ᠎ᠦ ᠲᠣᠭᠣᠷᠢᠭ᠋ ᠵᠢᠴᠢ ᠡᠯᠡᠰᠦᠨ ᠴᠥᠯ᠎ᠦᠨ ᠵᠠᠩ ᠦᠶ᠋ᠯᠡ᠎ᠪᠡᠷ ᠭᠣᠣᠯ ᠰᠡᠳᠦᠪ ᠪᠣᠯᠭᠠᠭᠰᠠᠨ ᠪᠦᠷᠢᠶ᠎ᠡ ᠮᠠᠩᠬ᠎ᠠ᠎ᠶᠢᠨ ᠦᠢᠯᠡᠴᠢᠯᠡᠭᠡᠨ᠎ᠦ ᠲᠣᠭᠣᠷᠢᠭ᠋ ᠨᠢ ᠥᠪᠡᠷᠮᠢᠴᠡ ᠦᠵᠡᠮᠵᠢ ᠪᠠᠷ ᠵᠢᠡᠨ ᠵᠢᠭᠤᠯᠴᠢᠯᠠᠭᠰᠠᠳ᠎ᠢ ᠲᠠᠲᠠᠵᠦ᠂ ᠥᠪᠥᠷ ᠮᠣᠩᠭᠣᠯ᠎ᠤᠨ ᠵᠢᠭᠤᠯᠴᠢᠯᠠᠯ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ ᠭᠤᠸᠠᠩ

ᠣᠷᠴᠢᠭᠤᠯᠤᠭ᠍ᠴᠢ᠄

ᠢᠷᠡᠯᠲᠡ᠄
兼容浏览器的HTML页面