ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-01-28 10:54:17

ᠵᠣᠬᠢᠶᠠᠭ᠍ᠴᠢ᠄ ᠵᠠᠩ ᠬᠣᠶ ᠯᠢᠩ ᠣᠩᠱᠢᠭ᠍ᠰᠠᠨ ᠣᠳᠠᠭ᠎ᠠ᠄

1 ᠰᠠᠷ᠎ᠠ᠎ᠶ᠋ᠢᠨ 26 ᠎ᠤ ᠡᠳᠦᠷ ᠬᠥᠬᠡᠬᠣᠲᠠ᠎ᠳᠤ ᠬᠤᠷᠠᠯᠳᠤᠭᠤᠯᠤᠭ᠍ᠰᠠᠨ ᠪᠥᠬᠥ᠌ ᠣᠷᠣᠨ ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠠᠵᠢᠯ ᠎ᠤᠨ ᠬᠤᠷᠠᠯ᠎ᠠᠴᠠ ᠣᠢᠯᠠᠭᠠᠭ᠍ᠰᠠᠨ᠎ᠢᠶᠠᠷ᠄ 2025 ᠣᠨ᠎ᠳᠤ᠂ ᠥᠪᠥᠷ ᠮᠣᠩᠭᠣᠯ᠎ᠤᠨ ᠣᠶ ᠱᠢᠭᠤᠶ ᠨᠤᠲᠤᠭ ᠪᠡᠯᠴᠢᠭᠡᠷ᠎ᠦᠨ ᠡᠬᠢ ᠪᠠᠶᠠᠯᠢᠭ᠎ᠤᠨ ᠬᠠᠮᠢᠶᠠᠷᠤᠯᠲᠠ ᠬᠠᠮᠠᠭᠠᠯᠠᠯᠲᠠ ᠱᠢᠨ᠎ᠡ ᠳᠡᠭ᠌ᠲᠡᠷ᠎ᠲᠦ ᠭᠠᠷᠴᠤ᠌᠂ ᠪᠥᠬᠥ᠌ ᠣᠷᠣᠨ᠎ᠤ 102 ᠭᠠᠵᠠᠷ ᠣᠷᠣᠨ ᠪᠠ ᠨᠢᠭᠡᠴᠢ᠂ 99% ᠎ᠶ᠋ᠢᠨ ᠨᠤᠲᠤᠭ ᠪᠡᠯᠴᠢᠭᠡᠷ᠎ᠲᠦ ᠬᠡᠳᠦᠷᠡᠳᠡᠯ᠎ᠡ ᠮᠠᠯᠵᠢᠬᠤ ᠠᠰᠠᠭᠤᠳᠠᠯ ᠎ᠢ ᠪᠥᠬᠥ᠌ ᠲᠠᠯ᠎ᠠ᠎ᠪᠠᠷ ᠳᠡᠯᠭᠡᠷᠡᠭᠦᠯᠦᠨ ᠱᠢᠶ᠋ᠳᠪᠦᠷᠢᠯᠡᠵᠦ᠍᠂ ᠪᠠᠢᠭᠠᠯᠢ᠎ᠶ᠋ᠢᠨ ᠨᠤᠲᠤᠭ ᠪᠡᠯᠴᠢᠭᠡᠷ ᠤ᠋ᠨ ᠮᠠᠯ ᠪᠡᠯᠴᠢᠭᠡᠷ ᠤ᠋ᠨ ᠲᠡᠩᠴᠡᠭᠦᠷᠢ ᠵᠢᠨ ᠵᠢᠭᠠᠯᠲᠠ ᠲᠣᠭ᠎ᠠ᠎ᠶ᠋ᠢ 10% ᠡᠴᠡ ᠳᠣᠷᠣᠭ᠍ᠰᠢ ᠪᠣᠯᠲᠠᠯ᠎ᠠ ᠪᠠᠭᠤᠷᠠᠭᠤᠯᠪᠠ᠃


QQ20260128-105935.png


ᠲᠠᠨᠢᠯᠴᠠᠭᠤᠯᠤᠭ᠍ᠰᠠᠨ᠎ᠢᠶᠠᠷ᠂ 2025 ᠣᠨ᠎ᠳᠤ᠂ ᠥᠪᠥᠷ ᠮᠣᠩᠭᠣᠯ᠎ᠤᠨ ᠡᠪᠡᠰᠦ ᠳᠠᠷᠢᠵᠤ ᠰᠠᠢᠵᠢᠷᠠᠭᠤᠯᠤᠭ᠍ᠰᠠᠨ ᠨᠤᠲᠤᠭ ᠪᠡᠯᠴᠢᠭᠡᠷ 3000 ᠭᠠᠷᠤᠶ ᠲᠦᠮᠡᠨ ᠮᠣ᠌᠎ᠳᠦ ᠬᠦᠷᠴᠡᠶ︔ ᠬᠥᠯᠥᠨ ᠪᠣᠢᠷ᠎ᠤᠨ ᠪᠡᠯᠴᠢᠭᠡᠷ ᠰᠡᠷᠭᠦᠭᠡᠬᠦ᠌ ᠬᠤᠭᠤᠴᠠᠭᠠᠨ᠎ᠳᠤ ᠲᠣᠭ᠍ᠲᠠᠭᠠᠯ᠎ᠡᠴᠡ ᠵᠥᠷᠢᠴᠡᠨ ᠮᠠᠯᠵᠢᠬᠤ ᠨᠣᠷᠮ᠎ᠠ ᠠᠳᠠᠯᠢ ᠬᠤᠭᠤᠴᠠᠭᠠᠨ ᠎ᠤ ᠎ᠬᠢ᠎ᠡᠴᠡ ᠵᠠᠭᠤᠨ᠎ᠤ ᠬᠠᠷᠢᠴᠠᠯ ᠵᠢᠡᠷ 35.7 ᠬᠤᠪᠢ ᠪᠠᠭᠤᠷᠠᠪᠠ︔ ᠣᠶ ᠱᠢᠭᠤᠶ ᠨᠤᠲᠤᠭ ᠪᠡᠯᠴᠢᠭᠡᠷ᠎ᠢ ᠡᠪᠳᠡᠭᠰᠡᠨ ᠬᠠᠤᠯᠢ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠪᠥᠬᠥ᠌ ᠲᠠᠯ᠎ᠠ᠎ᠪᠠᠷ ᠥᠷᠨᠢᠭᠦᠯᠵᠦ᠍᠂ ᠨᠡᠢᠲᠡ 2.7 ᠲᠦᠮᠡ ᠭᠠᠷᠤᠶ ᠠᠰᠠᠭᠤᠳᠠᠯ᠎ᠢ ᠴᠡᠭ᠌ᠴᠡᠯᠡᠨ ᠵᠠᠰᠠᠵᠤ᠂ ᠨᠡᠮᠡᠭ᠌ᠳᠡᠭ᠌ᠰᠡᠨ ᠬᠡᠮᠵᠢᠶ᠎ᠡ ᠪᠠ ᠦᠯᠡᠳᠡᠭᠡᠯ ᠠᠰᠠᠭᠤᠳᠠᠯ ᠎ᠢ ᠴᠡᠭ᠌ᠴᠡᠯᠡᠨ ᠵᠠᠰᠠᠭ᠍ᠰᠠᠨ ᠨᠣᠷᠮ᠎ᠠ ᠲᠣᠰ ᠲᠣᠰ 81%᠂ 99% ᠎ᠳ᠋ᠤ ᠬᠦᠷᠴᠦ᠍᠂ ᠨᠡᠢᠲᠡ 4.51 ᠳ᠋ᠦᠩᠱᠢᠭᠤᠷ ᠲᠥᠭᠥᠷᠢᠭ ᠤ᠋ᠨ ᠳᠤᠷᠭᠠᠭᠤᠯᠢ ᠵᠢᠨ ᠮᠦᠩᠬᠦ ᠬᠣᠷᠢᠶᠠᠨ ᠠᠪᠴᠤ᠌᠂ ᠣᠶ ᠱᠢᠭᠤᠶ ᠨᠤᠲᠤᠭ ᠪᠡᠯᠴᠢᠭᠡᠷ᠎ᠦᠨ ᠤᠷᠭᠤᠮᠠᠯ ᠎ᠤᠨ ᠬᠤᠴᠢᠯᠭ᠎ᠠ ᠎ᠶ᠋ᠢ 31.54 ᠲᠦᠮᠡᠨ ᠮᠥ᠍ ᠰᠡᠷᠭᠦᠭᠡᠵᠦ᠍᠂ ᠣᠶ ᠱᠢᠭᠤᠶ ᠨᠤᠲᠤᠭ ᠪᠡᠯᠴᠢᠭᠡᠷ ᠎ᠦᠨ ᠲᠥᠷᠥᠯ ᠎ᠢ 204.9 ᠲᠦᠮᠡᠨ ᠮᠥ᠍ ᠰᠡᠷᠭᠦᠭᠡᠬᠦ᠌ ᠪᠣᠯᠤᠮᠵᠢ᠎ᠲᠠᠶ ᠪᠠᠢᠨ᠎ᠠ᠃

ᠳᠠᠭᠠᠤ ᠳ᠋ᠤᠨᠢ᠂ ᠥᠪᠥᠷ ᠮᠣᠩᠭᠣᠯ ᠡᠯ᠎ᠡ ᠲᠥᠷᠥᠯ᠎ᠦᠨ ᠡᠬᠢ ᠪᠠᠶᠠᠯᠢᠭ᠎ᠤᠨ ᠬᠠᠮᠠᠭᠠᠯᠠᠯᠲᠠ᠎ᠶ᠋ᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠤ᠂ ᠳᠠᠯᠠᠨ ᠬᠠᠷ᠎ᠠ ᠠᠭᠤᠯᠠ᠎ᠶ᠋ᠢᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ ᠳᠡᠯᠡᠬᠡᠶ᠎ᠶ᠋ᠢᠨ ᠠᠮᠢᠳᠤ ᠪᠣᠳᠠᠰ᠎ᠤᠨ ᠮᠠᠨᠳᠠᠯ᠎ᠤᠨ ᠬᠠᠮᠠᠭᠠᠯᠠᠯᠲᠠ᠎ᠶ᠋ᠢᠨ ᠣᠷᠣᠨ᠎ᠤ ᠰᠦᠯᠵᠢᠶ᠎ᠡ᠎ᠳᠦ ᠠᠮᠵᠢᠯᠲᠠ᠎ᠲᠠᠶ ᠣᠷᠣᠯᠴᠠᠵᠤ᠂ ᠭᠡᠭᠡᠨ ᠭᠤᠤᠯ᠎ᠤᠨ ᠡᠬᠢ ᠵᠡᠷᠭᠡ 3 ᠴᠢᠬᠤᠯᠠ ᠨᠤᠭᠤ ᠭᠠᠵᠠᠷ ᠤᠯᠤᠰ ᠎ᠤᠨ ᠴᠢᠬᠤᠯᠠ ᠨᠤᠭᠤ ᠭᠠᠵᠠᠷ᠎ᠤᠨ ᠨᠡᠷᠡᠰ᠎ᠲᠦ ᠰᠣᠩᠭᠣᠭ᠍ᠳᠠᠨ ᠣᠷᠣᠵᠤ᠂ ᠬᠠᠨ ᠮᠠ ᠳᠡᠯᠡᠬᠡᠶ ᠎ᠶ᠋ᠢᠨ ᠠᠮᠢᠳᠤ ᠪᠣᠳᠠᠰ᠎ᠤᠨ ᠮᠠᠨᠳᠠᠯ᠎ᠤᠨ ᠬᠠᠮᠠᠭᠠᠯᠠᠯᠲᠠ᠎ᠶ᠋ᠢᠨ ᠣᠷᠣᠨ 10 ᠵᠢᠯ᠎ᠦᠨ ᠦᠨᠡᠯᠡᠨ ᠵᠢᠱ᠌ᠢᠯᠲᠡ ᠵᠢ ᠦᠩᠬᠡᠷᠡᠬᠦᠯᠵᠥ᠂ ᠱᠢᠪᠠᠭᠤᠨ᠎ᠤ ᠲᠥᠷᠥᠯ᠎ᠢ ᠬᠠᠮᠠᠭᠠᠯᠠᠬᠤ ᠠᠵᠢᠯᠯᠠᠭ᠎ᠠ ᠪᠠ ᠬᠠᠤᠯᠢ ᠪᠤᠰᠤ᠎ᠪᠠᠷ ᠠᠩᠨᠠᠵᠤ ᠫᠠᠨᠽᠠᠯᠠᠬᠤ᠎ᠳᠤ ᠴᠣᠬᠢᠯᠲᠠ ᠥᠭ᠌ᠬᠦ ᠲᠤᠰᠭᠠᠶ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠤᠯᠤᠰ᠎ᠤᠨ ᠣᠶ ᠱᠢᠭᠤᠶ ᠡᠪᠡᠰᠦ ᠪᠡᠯᠴᠢᠭᠡᠷ᠎ᠦᠨ ᠦᠷ᠎ᠡ ᠡᠳ᠋᠎ᠦᠨ ᠡᠬᠢ ᠪᠠᠶᠠᠯᠢᠭ᠎ᠤᠨ ᠲᠦᠬᠦᠭᠡᠷᠤᠮᠵᠢ᠎ᠶ᠋ᠢᠨ ᠬᠠᠳᠠᠭᠠᠯᠠᠯᠲᠠ᠎ᠶ᠋ᠢᠨ ᠬᠥᠮᠥᠷᠭᠡ᠎ᠶ᠋ᠢᠨ ᠥᠪᠥᠷ ᠮᠣᠩᠭᠣᠯ᠎ᠳᠠᠬᠢ ᠬᠤᠪᠢᠶᠠᠷᠢ ᠬᠥᠮᠥᠷᠭᠡ᠎ᠶ᠋ᠢ ᠪᠠᠢᠭᠤᠯᠵᠥ ᠳᠠᠭᠤᠰᠭᠠᠨ ᠠᠵᠢᠯᠯᠠᠭᠤᠯᠵᠥ᠂ 5314 ᠲᠦᠮᠡᠨ ᠮᠥ᠍ ᠣᠶ ᠱᠢᠭᠤᠶ ᠨᠤᠳᠤᠭ ᠪᠡᠯᠴᠢᠭᠡᠷ ᠤ᠋ᠨ ᠬᠦᠨᠦᠬᠡᠯᠳᠤ ᠠᠮᠢᠳᠤ ᠪᠣᠳᠠᠰ᠎ᠢ ᠰᠡᠷᠭᠡᠢᠯᠡᠨ ᠵᠠᠰᠠᠵᠤ᠂ ᠵᠤᠷᠢᠭᠤᠳᠠ ᠵᠢᠨ ᠣᠶ ᠱᠢᠭᠤᠶ ᠨᠤᠲᠤᠭ ᠪᠡᠯᠴᠢᠭᠡᠷ᠎ᠦᠨ ᠭᠠᠯ ᠳᠤᠢᠮᠠᠷ ᠎ᠤᠨ ᠠᠶᠤᠯ ᠦᠯᠦ ᠡᠬᠦᠰᠪᠡ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄
兼容浏览器的HTML页面