ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-04-07 18:06:32

ᠵᠣᠬᠢᠶᠠᠭ᠍ᠴᠢ᠄ ​ ᠵᠠᠩ ᠬᠤᠢ ᠯᠢᠩ ᠣᠩᠱᠢᠭ᠍ᠰᠠᠨ ᠣᠳᠠᠭ᠎ᠠ᠄

4 ᠰᠠᠷ᠎ᠠ᠎ᠶᠢᠨ 5᠎ᠤ ᠡᠳᠦᠷ᠎ᠦᠨ 13 ᠴᠠᠭ᠎ᠲᠤ᠂ ᠪᠠᠷᠠᠭᠤᠨ ᠯᠢᠶᠣᠤᠾᠧ ᠭᠣᠣᠯ᠎ᠤᠨ ᠬᠠᠪᠤᠷ᠎ᠤᠨ ᠤᠯᠠᠷᠢᠯ᠎ᠤᠨ ᠤᠰᠤᠨ᠎ᠤ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢᠨ ᠤᠰᠤᠨ ᠤᠷᠤᠰᠬᠠᠯ ᠨᠢ ᠲᠦᠩᠯᠢᠶᠣᠣ ᠬᠣᠲᠠ᠎ᠶᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠮᠡᠨᠳᠤ ᠪᠠᠯᠭᠠᠰᠤᠨ᠎ᠤ ᠠᠨ ᠯᠧ ᠲᠦᠨ ᠲᠣᠰᠬᠣᠨ᠎ᠤ ᠤᠰᠤᠨ ᠵᠦᠢ᠎ᠶᠢᠨ ᠣᠭᠲᠣᠯᠣᠭᠠᠰᠤ᠎ᠪᠠᠷ ᠠᠭᠠᠵᠢᠮ᠎ᠢᠶᠠᠷ ᠤᠷᠤᠰᠤᠨ ᠥᠩᠭᠡᠷᠡᠵᠦ᠂ ᠳᠣᠣᠷᠠᠳᠤ ᠤᠷᠤᠰᠬᠠᠯ ᠎ᠤᠨ ᠤᠰᠤᠨ ᠎ᠤ ᠭᠠᠳᠠᠷᠭᠤ ᠎ᠲᠠᠢ ᠵᠠᠯᠭᠠᠯᠳᠤᠪᠠ᠂ ᠡᠨᠡ ᠨᠢ 2026 ᠣᠨ᠎ᠤ ᠪᠠᠷᠠᠭᠤᠨ ᠯᠢᠶᠣᠤᠾᠧ ᠭᠣᠣᠯ᠎ᠤᠨ ᠬᠠᠪᠤᠷ᠎ᠤᠨ ᠤᠯᠠᠷᠢᠯ᠎ᠤᠨ ᠤᠰᠤᠨ᠎ᠤ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢᠨ ᠪᠥᠬᠥ ᠱᠤᠭᠤᠮ᠎ᠤᠨ ᠤᠷᠤᠰᠬᠠᠯ ᠨᠡᠪᠲᠡᠷᠡᠬᠰᠡᠨ᠎ᠢ ᠬᠠᠷᠠᠭᠤᠯᠵᠤ ᠪᠠᠢᠨ᠎ᠠ᠃

ᠡᠨᠡ ᠪᠣᠯ 2025 ᠣᠨ ᠳ᠋ᠤ ᠪᠠᠷᠠᠭᠤᠨ ᠯᠢᠶᠣᠤᠾᠧ ᠭᠣᠣᠯ᠎ᠤᠨ ᠭᠣᠣᠯ ᠤᠷᠤᠰᠬᠠᠯ ᠬᠣᠶᠠᠷ ᠤᠳᠠᠭ᠎ᠠ 403 ᠺᠢᠯᠤᠮᠸᠲᠷ᠎ᠤᠨ ᠪᠦᠬᠦ ᠱᠤᠭᠤᠮ ᠵᠢᠡᠷ ᠤᠷᠤᠰᠬᠠᠯ ᠨᠡᠪᠲᠡᠷᠡᠭᠰᠡᠨ ᠡᠴᠡ ᠰᠡᠬᠦᠯᠡᠷ᠂ ᠪᠠᠷᠠᠭᠤᠨ ᠯᠢᠶᠣᠤᠾᠧ ᠭᠣᠣᠯ ᠬᠣᠶᠠᠷ ᠵᠢᠯ ᠳᠠᠷᠠᠭᠠᠯᠠᠨ ᠪᠦᠬᠦ ᠱᠤᠭᠤᠮ᠎ᠢᠶᠠᠷ ᠨᠡᠪᠳᠡᠷᠡᠬᠦ ᠬᠠᠷᠠᠯᠲᠠ᠎ᠪᠠᠨ ᠪᠡᠶᠡᠯᠡᠭᠦᠯᠦᠭᠰᠡᠨ ᠶᠠᠪᠤᠳᠠᠯ ᠪᠣᠯᠣᠨ᠎ᠠ᠂ ᠡᠨᠡ ᠨᠢ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢ ᠰᠡᠷᠭᠦᠭᠡᠬᠦ ᠠᠵᠢᠯ ᠨᠡᠩ ᠯᠠᠪᠳᠠᠭᠤᠨ ᠪᠠᠲᠤᠲᠠᠢ ᠤᠷᠤᠭᠰᠢᠯᠠᠭᠰᠠᠨ᠎ᠢ ᠬᠠᠷᠠᠭᠤᠯᠵᠤ ᠪᠠᠢᠨ᠎ᠠ᠃

2026 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠪᠠᠷᠠᠭᠤᠨ ᠯᠢᠶᠣᠤᠾᠧ ᠭᠣᠣᠯ᠎ᠤᠨ 《ᠪᠥᠬᠥ ᠱᠤᠭᠤᠮ ᠵᠢᠡᠷ ᠤᠷᠤᠰᠬᠠᠯ᠎ᠨᠡᠪᠲᠡᠷᠡᠭᠦ ᠵᠢ ᠦᠷᠭᠦᠯᠵᠢᠯᠡᠨ ᠪᠡᠶᠡᠯᠡᠭᠦᠯᠬᠦ》 ᠭᠣᠣᠯ ᠬᠠᠷᠠᠯᠲᠠ᠎ᠶᠢ ᠲᠣᠭᠲᠠᠭᠠᠵᠤ᠂ ᠣᠯᠠᠨ ᠲᠠᠯ᠎ᠠ᠎ᠶᠢᠨ ᠬᠦᠴᠦᠨ᠎ᠢ ᠨᠢᠭᠡᠳᠦᠯᠲᠡᠢ ᠲᠥᠯᠥᠪᠵᠢᠬᠦᠯᠦᠨ᠂ ᠡᠯ᠎ᠡ ᠲᠥᠷᠥᠯ᠎ᠦᠨ ᠤᠰᠤᠨ᠎ᠤ ᠡᠬᠢ ᠰᠤᠷᠪᠤᠯᠵᠢ᠎ᠶᠢ ᠨᠡᠢᠳᠬᠡᠵᠤ᠂ ᠢᠨᠵᠧᠨᠧᠷᠢᠩ᠎ᠦᠨ ᠪᠠᠲᠤᠯᠠᠭ᠎ᠠ᠎ᠶᠢ ᠴᠢᠩᠭᠠᠳᠬᠠᠨ᠂ ᠬᠠᠪᠤᠷ᠎ᠤᠨ ᠤᠯᠠᠷᠢᠯ᠎ᠤᠨ ᠤᠰᠤᠨ᠎ᠤ ᠬᠡᠮᠵᠢᠶ᠎ᠡ᠎ᠶᠢ ᠲᠣᠬᠢᠷᠠᠭᠤᠯᠬᠤ ᠠᠵᠢᠯ᠎ᠢ ᠨᠠᠷᠢᠯᠢᠭ᠋ ᠣᠨᠣᠴᠠᠲᠠᠢ᠂ ᠥᠨᠳᠥᠷ ᠪᠦᠲᠦᠮᠵᠢᠲᠡᠶ᠂ ᠡᠮᠬᠢ ᠵᠢᠷᠤᠮ᠎ᠲᠠᠢ ᠥᠷᠨᠢᠭᠦᠯᠬᠦ᠎ᠶᠢ ᠠᠬᠢᠭᠤᠯᠪᠠ᠃

ᠲᠣᠰ ᠤᠳᠠᠭᠠᠨ᠎ᠤ ᠬᠠᠪᠤᠷ᠎ᠤᠨ ᠤᠯᠠᠷᠢᠯ᠎ᠤᠨ ᠲᠣᠬᠢᠷᠠᠭᠤᠯᠤᠯᠲᠠ᠎ᠶᠢ 3 ᠰᠠᠷ᠎ᠠ᠎ᠶᠢᠨ ᠡᠬᠢ᠎ᠡᠴᠡ ᠡᠬᠢᠯᠡᠬᠦᠯᠵᠤ᠂ ᠥᠪᠥᠷ ᠮᠣᠩᠭᠣᠯ᠎ᠤᠨ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠦᠳ ᠭᠤᠷᠪᠠᠨ ᠱᠠᠲᠤ ᠬᠤᠪᠢᠶᠠᠨ ᠠᠬᠢᠭᠤᠯᠪᠠ᠄ ᠭᠣᠣᠯ᠎ᠤᠨ ᠭᠤᠯᠳᠤᠷᠢᠯ ᠳ᠋ᠤ ᠤᠰᠤ ᠬᠠᠳᠠᠭᠠᠯᠠᠵᠤ ᠵᠠᠮ ᠨᠡᠭᠡᠭᠡᠬᠦ᠂ ᠣᠯᠠᠨ ᠤᠰᠤᠨ ᠴᠥᠭᠥᠷᠥᠮ ᠎ᠤᠨ ᠤᠷᠤᠰᠬᠠᠯ ᠎ᠤᠨ ᠬᠡᠮᠵᠢᠶ᠎ᠡ ᠎ᠶᠢ ᠵᠡᠷᠭᠡᠪᠡᠷ ᠨᠡᠮᠡᠭᠳᠡᠭᠦᠯᠬᠦ ᠵᠢᠴᠢ ᠨᠡᠪᠲᠡᠷᠡᠭᠦᠯᠬᠦ ᠤᠷᠤᠰᠴᠡ ᠎ᠶᠢ ᠪᠠᠲᠤᠯᠠᠪᠠ᠃ ᠲᠣᠰ ᠤᠳᠠᠭᠠᠨ᠎ᠤ ᠲᠣᠬᠢᠷᠠᠭᠤᠯᠤᠯᠲᠠ᠎ᠳᠤ ᠣᠲᠣ᠌ ᠪᠣᠯᠲᠠᠯ᠎ᠠ 1.4 ᠳ᠋ᠦᠩᠰᠢᠭᠤᠷ ᠳᠡᠭᠰᠢ ᠲᠦᠷᠪᠡᠯᠵᠢᠨ ᠮᠸᠲᠷ᠎ᠤᠨ ᠠᠮᠢ ᠠᠬᠤᠢ᠎ᠶᠢᠨ ᠤᠰᠤᠨ ᠤᠷᠤᠰᠬᠠᠯ᠎ᠢ ᠪᠡᠶᠡᠯᠡᠬᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄
兼容浏览器的HTML页面