ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-04-15 10:38:56

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠡᠴᠡ 《2026 ᠣᠨ᠎ᠤ ᠪᠥᠬᠥ ᠣᠷᠣᠨ᠎ᠤ ᠡᠷᠲᠡᠨ᠎ᠦ ᠮᠣᠳᠣ᠌ ᠦᠨᠡᠲᠦ ᠮᠣᠳᠣ᠌᠎ᠶᠢ ᠲᠦᠷᠭᠡᠨ ᠠᠪᠤᠷᠠᠵᠤ ᠢᠳᠡᠷᠵᠢᠭᠦᠯᠬᠦ ᠠᠵᠢᠯ ᠥᠷᠨᠢᠭᠦᠯᠬᠦ ᠲᠤᠬᠠᠢ ᠮᠡᠳᠡᠭᠳᠡᠯ》 ᠳᠠᠷᠤᠮᠠᠯᠯᠠᠨ ᠲᠠᠷᠬᠠᠭᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠪᠥᠬᠥ ᠣᠷᠣᠨ (ᠣᠶ ᠰᠢᠭᠤᠢ ᠪᠠ ᠨᠤᠲᠤᠭ ᠪᠡᠯᠴᠢᠭᠡᠷ᠎ᠦᠨ ᠰᠢᠰᠲᠧᠮ)᠎ᠤ ᠡᠷᠲᠡᠨ᠎ᠦ ᠮᠣᠳᠣ᠌ ᠦᠨᠡᠲᠦ ᠮᠣᠳᠣ᠌᠎ᠶᠢ ᠲᠦᠷᠭᠡᠨ ᠠᠪᠤᠷᠠᠵᠤ ᠢᠳᠡᠷᠵᠢᠭᠦᠯᠬᠦ ᠬᠡᠷᠡᠭᠵᠢᠭᠦᠯᠬᠦ ᠲᠥᠰᠥᠯ》᠎ᠢ ᠵᠡᠷᠭᠡ ᠳ᠋ᠦ᠍ᠨᠢ ᠨᠡᠢᠲᠡᠯᠡᠪᠡ᠂ ᠡᠨᠡ ᠨᠢ ᠪᠥᠬᠥ ᠣᠷᠣᠨ᠎ᠤ ᠠᠩᠬᠠᠨ᠎ᠤ ᠡᠭᠡᠯᠵᠢ᠎ᠶᠢᠨ ᠡᠷᠲᠡᠨ᠎ᠦ ᠮᠣᠳᠣ᠌ ᠦᠨᠡᠲᠦ ᠮᠣᠳᠣ᠌᠎ᠶᠢ ᠲᠦᠷᠭᠡᠨ ᠠᠪᠤᠷᠠᠵᠤ ᠢᠳᠡᠷᠵᠢᠭᠦᠯᠬᠦ ᠠᠵᠢᠯ ᠪᠥᠬᠥ ᠲᠠᠯ᠎ᠠ᠎ᠪᠠᠷ ᠡᠬᠢᠯᠡᠭᠰᠡᠨ᠎ᠢ ᠬᠠᠷᠠᠭᠤᠯᠵᠤ ᠪᠠᠢᠨ᠎ᠠ᠃


QQ截图20260415103050.png


ᠥᠪᠥᠷ ᠮᠣᠩᠭᠣᠯ᠎ᠤᠨ ᠭᠠᠵᠠᠷ ᠨᠤᠲᠤᠭ ᠥᠷᠭᠡᠨ ᠠᠭᠤᠳᠠᠮ᠂ ᠡᠷᠲᠡᠨ᠎ᠦ ᠮᠣᠳᠣ᠌ ᠦᠨᠡᠲᠦ ᠮᠣᠳᠣᠨ᠎ᠤ ᠲᠠᠷᠬᠠᠯᠲᠠ ᠥᠷᠭᠡᠨ᠂ ᠥᠰᠦᠯᠲᠡ᠎ᠶᠢᠨ ᠣᠷᠴᠢᠨ ᠲᠣᠭᠣᠷᠢᠨ ᠨᠢ ᠨᠠᠷᠢᠨ ᠪᠤᠳᠤᠯᠢᠶᠠᠨᠲᠠᠢ ᠤᠯᠠᠨ ᠶᠠᠩᠵᠤ᠎ᠶᠢᠨ ᠪᠠᠢᠵᠤ᠂ ᠬᠠᠮᠠᠭᠠᠯᠠᠯᠲᠠ᠎ᠶᠢᠨ ᠠᠵᠢᠯ ᠮᠠᠰᠢ ᠤᠯᠠᠨ ᠥᠷᠢᠰᠦᠯᠳᠦᠭᠡᠨ᠎ᠳᠦ ᠲᠤᠯᠭᠠᠷᠠᠵᠤ ᠪᠠᠢᠨ᠎ᠠ᠃ ᠲᠣᠰ ᠤᠳᠠᠭᠠᠨ᠎ᠤ ᠠᠪᠤᠷᠠᠵᠤ ᠢᠳᠡᠷᠵᠢᠭᠦᠯᠬᠦ ᠠᠵᠢᠯ᠎ᠳᠤ 《ᠰᠢᠨᠵᠢᠯᠡᠬᠦ ᠤᠬᠠᠭᠠᠨᠴᠢ᠎ᠪᠠᠷ ᠬᠠᠮᠠᠭᠠᠯᠠᠬᠤ᠂ ᠤᠨᠤᠴᠠᠳᠠᠢ ᠪᠡᠷ ᠠᠷᠭ᠎ᠠ ᠪᠣᠳᠣᠯᠭ᠎ᠠ ᠬᠡᠷᠡᠭᠵᠢᠭᠦᠯᠬᠦ》 ᠵᠠᠷᠴᠢᠮ᠎ᠢ ᠪᠠᠷᠢᠮᠲᠠᠯᠠᠵᠤ᠂ ᠣᠨ᠎ᠤ ᠲᠥᠯᠥᠪᠯᠡᠭᠡ ᠵᠢᠨ ᠪᠥᠬᠥ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠰᠢᠰᠲᠧᠮ᠎ᠦᠨ ᠬᠠᠮᠢᠶᠠᠷᠤᠯᠲᠠ᠎ᠳᠦ ᠵᠢᠭ᠍ᠰᠠᠭᠠᠨ ᠣᠷᠣᠭᠤᠯᠤᠭᠰᠠᠨ᠂ ᠨᠢᠭᠡᠨᠲᠡ ᠪᠥᠬᠥ ᠤᠯᠤᠰ᠎ᠤᠨ ᠡᠷᠲᠡᠨ᠎ᠦ ᠮᠣᠳᠣ᠌ ᠦᠨᠡᠲᠦ ᠮᠣᠳᠣᠨ᠎ᠤ ᠣᠶᠤᠨᠴᠢ ᠬᠠᠮᠢᠶᠠᠷᠤᠯᠲᠠ᠎ᠶᠢᠨ ᠰᠢᠰᠲᠧᠮ᠎ᠳᠦ ᠣᠷᠣᠭᠤᠯᠤᠬᠰᠠᠨ᠂ ᠤᠷᠭᠤᠯᠲᠠ᠎ᠶᠢᠨ ᠪᠠᠢᠳᠠᠯ ᠨᠢ ᠮᠠᠭᠤ ᠪᠤᠶᠤ ᠮᠥᠬᠥᠬᠦ ᠰᠢᠬᠠᠭᠰᠠᠨ ᠡᠷᠲᠡᠨ᠎ᠦ ᠮᠣᠳᠣ᠌ ᠳ᠋ᠤ ᠴᠢᠭᠯᠡᠭᠦᠯᠦᠨ ᠡᠷᠡᠭᠦᠯ ᠮᠡᠨᠳᠦ᠎ᠶᠢᠨ ᠣᠨᠣᠰᠢᠯᠠᠯᠲᠠ᠎ᠶᠢ ᠨᠢᠭᠡᠳ ᠨᠢᠭᠡ ᠪᠡᠷ ᠥᠷᠨᠢᠭᠦᠯᠦᠨ᠂ ᠮᠣᠳᠣ᠌᠎ᠶᠢᠨ ᠪᠠᠢᠳᠠᠯ᠎ᠳᠤ ᠨᠢ ᠲᠣᠬᠢᠷᠠᠭᠤᠯᠵᠤ᠂ ᠭᠠᠵᠠᠷ ᠣᠷᠣᠨ᠎ᠤ ᠪᠠᠢᠳᠠᠯ᠎ᠳᠤ ᠨᠢ ᠲᠣᠬᠢᠷᠠᠭᠤᠯᠤᠨ 《ᠨᠢᠭᠡ ᠮᠣᠳᠣ᠌ ᠎ᠳᠦ ᠨᠢᠭᠡ ᠠᠷᠭ᠎ᠠ ᠪᠣᠳᠣᠯᠭ᠎ᠠ》 ᠪᠡᠷ ᠠᠪᠤᠷᠠᠵᠤ ᠢᠳᠡᠷᠵᠢᠭᠦᠯᠬᠦ ᠲᠥᠰᠥᠯ ᠲᠣᠭᠲᠠᠭᠠᠨ᠎ᠠ᠃ 2026 ᠣᠨ᠎ᠳᠤ᠂ ᠲᠥᠪ ᠪᠠ ᠥᠪᠡᠷᠲᠡᠭᠡᠨ ᠵᠠᠰᠠᠬᠤ ᠣᠷᠣᠨ᠎ᠤ ᠪᠡᠯᠡ ᠮᠥᠩᠭᠥ᠎ᠶᠢᠨ ᠳᠠᠪᠬᠤᠷ ᠪᠠᠲᠤᠯᠠᠭ᠎ᠠ᠎ᠳᠤ ᠲᠦᠰᠢᠭᠯᠡᠨ᠂ ᠪᠥᠬᠥ ᠣᠷᠣᠨ 22 ᠨᠢᠭᠡᠳᠦᠭᠡᠷ ᠳᠡᠰ᠎ᠤᠨ ᠡᠷᠲᠡᠨ᠎ᠦ ᠮᠣᠳᠣ᠌ ᠪᠠ 75 ᠬᠣᠶᠠᠳᠤᠭᠠᠷ᠂ ᠭᠤᠷᠪᠠᠳᠤᠭᠠᠷ ᠳᠡᠰ᠎ᠤᠨ ᠡᠷᠲᠡᠨ᠎ᠦ ᠮᠣᠳᠣ᠌᠎ᠶᠢ ᠤᠨᠤᠴᠠᠳᠠᠢ ᠪᠡᠷ ᠬᠠᠮᠠᠭᠠᠯᠠᠨ᠎ᠠ᠃ ᠢᠳᠡᠷᠵᠢᠭᠦᠯᠬᠦ ᠠᠷᠭ᠎ᠠ ᠬᠡᠮᠵᠢᠶ᠎ᠡ ᠎ᠳᠦ ᠬᠦᠷᠢᠶ᠎ᠡ ᠬᠠᠰᠢᠶ᠎ᠠ᠎ᠶᠢᠨ ᠫᠠᠢᠰᠠ ᠪᠣᠰᠬᠠᠬᠤ᠂ ᠬᠥᠷᠥᠰᠥ ᠰᠢᠷᠣᠢ᠎ᠶᠢ ᠰᠠᠢᠵᠢᠷᠠᠭᠤᠯᠬᠤ᠂ ᠮᠣᠳᠣ᠌᠎ᠶᠢ ᠵᠠᠰᠠᠨ ᠰᠡᠷᠭᠦᠭᠡᠬᠦ᠂ ᠮᠣᠳᠣᠨ᠎ᠤ ᠬᠥᠨᠳᠡᠢ᠎ᠶᠢ ᠰᠢᠢᠳᠪᠦᠷᠢᠯᠡᠬᠦ᠂ ᠬᠥᠨᠥᠭᠡᠯᠲᠡᠢ ᠠᠮᠢᠳᠤ ᠪᠣᠳᠠᠰ᠎ᠢ ᠰᠡᠷᠭᠡᠢᠯᠡᠨ ᠵᠠᠰᠠᠬᠤ᠂ ᠦᠨᠳᠦᠰᠦ᠎ᠶᠢ ᠨᠢ ᠢᠳᠡᠷᠵᠢᠭᠦᠯᠬᠦ᠂ ᠮᠣᠳᠣ᠌᠎ᠶᠢ ᠪᠡᠬᠢᠵᠢᠭᠦᠯᠬᠦ ᠵᠡᠷᠭᠡ ᠣᠯᠠᠨ ᠵᠦᠢᠯ᠎ᠦᠨ ᠮᠡᠷᠭᠡᠵᠢᠯ᠎ᠦᠨ ᠠᠷᠭ᠎ᠠ ᠪᠠᠷᠢᠯ᠎ᠪᠠᠬᠳᠠᠨ᠎ᠠ᠃ ᠡᠷᠲᠡᠨ᠎ᠦ ᠮᠣᠳᠣ᠌ ᠨᠢᠭᠡᠪᠦᠷᠢ᠎ᠳᠦ ᠴᠥᠮ ᠪᠥᠬᠥ ᠶᠠᠪᠤᠴᠠ᠎ᠶᠢᠨ ᠲᠠᠩᠰᠠ ᠡᠪᠬᠡᠮᠡᠯ ᠪᠠᠢᠭᠤᠯᠵᠤ᠂ ᠠᠷᠭ᠎ᠠ ᠬᠡᠮᠵᠢᠶ᠎ᠡ᠎ᠶᠢ ᠮᠥᠷᠳᠡᠵᠦ ᠪᠣᠯᠬᠤ᠂ ᠦᠷ᠎ᠡ ᠪᠦᠲᠦᠮᠵᠢ᠎ᠶᠢ ᠦᠨᠡᠯᠡᠨ ᠵᠢᠱ᠌ᠢᠵᠦ ᠪᠣᠯᠬᠤ᠎ᠶᠢ ᠦᠨᠡᠨ ᠬᠦ᠌ ᠪᠠᠲᠤᠯᠠᠨ᠎ᠠ᠃


QQ截图20260415103119.png


ᠢᠷᠡᠯᠲᠡ᠄ ᠤᠮᠠᠷᠠᠲᠤ ᠵᠢᠨ ᠰᠦᠯᠵᠢᠶ᠎ᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄
兼容浏览器的HTML页面