ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-04-29 09:27:29

ᠵᠣᠬᠢᠶᠠᠭ᠍ᠴᠢ᠄ ᠵᠠᠩ ᠬᠣᠶ ᠯᠢᠩ ᠣᠩᠱᠢᠭ᠍ᠰᠠᠨ ᠣᠳᠠᠭ᠎ᠠ᠄

ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠮᠥᠷᠡᠨ᠎ᠦ ᠳᠠᠷᠤᠭ᠎ᠠ᠎ᠶᠢᠨ ᠠᠯᠪᠠᠨ ᠭᠡᠷ 《ᠳᠠᠭ᠎ᠠ᠎ᠶᠢᠨ ᠨᠠᠭᠤᠷ᠎ᠤᠨ ᠠᠮᠢ ᠠᠬᠤᠢ ᠳ᠋ᠤ ᠤᠰᠤ ᠨᠥᠬᠥᠪᠦᠷᠢᠯᠡᠬᠦ ᠲᠣᠬᠢᠷᠠᠭᠤᠯᠤᠯᠲᠠ᠎ᠶᠢᠨ ᠲᠥᠰᠥᠯ(ᠲᠤᠷᠰᠢᠨ ᠬᠡᠷᠡᠭᠵᠢᠭᠦᠯᠬᠦ) 》᠎ᠢ ᠳᠠᠷᠤᠮᠠᠯᠯᠠᠨ ᠲᠠᠷᠬᠠᠭᠠᠵᠤ᠂ ᠳᠠᠭ᠎ᠠ᠎ᠶᠢᠨ ᠨᠠᠭᠤᠷ ᠎ᠤᠨ ᠰᠠᠪᠠ ᠭᠠᠵᠠᠷ᠎ᠲᠤ ᠤᠰᠤ ᠨᠥᠬᠥᠪᠦᠷᠢᠯᠡᠬᠦ ᠴᠠᠭ ᠪᠠ ᠬᠡᠪᠴᠢᠶ᠎ᠡ᠎ᠶᠢ ᠲᠣᠳᠣᠷᠬᠠᠢᠯᠠᠵᠤ᠂ 2026 ᠣᠨ᠎ᠳᠤ ᠳᠠᠭ᠎ᠠ᠎ᠶᠢᠨ ᠨᠠᠭᠤᠷ᠎ᠤᠨ ᠠᠮᠢ ᠠᠬᠤᠢ᠎ᠳᠤ 2000 ᠲᠦᠮᠡ᠎ᠡᠴᠡ 2500 ᠲᠦᠮᠡᠨ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠦᠷᠢᠯᠡᠬᠦ᠎ᠪᠡᠷ ᠲᠣᠬᠢᠷᠠᠭᠤᠯᠵᠤ᠂ ᠳᠠᠭ᠎ᠠ᠎ᠶᠢᠨ ᠨᠠᠭᠤᠷ᠎ᠤᠨ ᠲᠠᠯᠠᠪᠠᠶ᠎ᠶᠢ 60 ᠲᠡᠭᠰᠢ ᠳᠥᠷᠪᠡᠯᠵᠢᠨ ᠺᠢᠯᠣᠮᠧᠲᠷ᠎ᠡᠴᠡ ᠳᠡᠭᠡᠭᠰᠢ ᠲᠣᠭᠲᠠᠭᠤᠨ ᠪᠠᠢᠯᠭᠠᠬᠤ᠎ᠶᠢ ᠦᠨᠡᠨ ᠬᠦ᠌ ᠪᠠᠲᠤᠯᠠᠨ᠎ᠠ ᠬᠡᠵᠡᠢ᠃


QQ20260429-092926.png


《ᠳᠠᠭ᠎ᠠ ᠎ᠶᠢᠨ ᠨᠠᠭᠤᠷ ᠎ᠤᠨ ᠠᠮᠢ ᠠᠬᠤᠢ ᠳ᠋ᠤ ᠤᠰᠤ ᠨᠥᠬᠥᠪᠦᠷᠢᠯᠡᠬᠦ ᠲᠣᠬᠢᠷᠠᠭᠤᠯᠤᠯᠲᠠ᠎ᠶᠢᠨ ᠲᠥᠰᠥᠯ(ᠲᠤᠷᠰᠢᠨ ᠬᠡᠷᠡᠭᠵᠢᠭᠦᠯᠬᠦ)》᠎ᠳᠤ᠂ ᠳᠠᠭ᠎ᠠ᠎ᠶᠢᠨ ᠨᠠᠭᠤᠷ᠎ᠤᠨ ᠭᠠᠳᠠᠷᠭᠤ ᠵᠢᠨ ᠤᠷᠢᠳᠴᠢᠯᠠᠨ ᠰᠡᠷᠡᠮᠵᠢᠯᠡᠭᠦᠯᠬᠦ ᠲᠠᠯᠠᠪᠠᠶ ᠨᠢ 62.5 ᠲᠡᠭᠰᠢ ᠳᠥᠷᠪᠡᠯᠵᠢᠨ ᠺᠢᠯᠣᠮᠧᠲᠷ᠂ ᠤᠷᠢᠳᠴᠢᠯᠠᠨ ᠰᠡᠷᠡᠮᠵᠢᠯᠡᠭᠦᠯᠬᠦ ᠤᠰᠤᠨ᠎ᠤ ᠲᠦᠪᠰᠢᠨ ᠨᠢ 1216.6 ᠮᠧᠲᠷ ᠪᠣᠯᠣᠨ᠎ᠠ᠃ ᠳᠠᠭ᠎ᠠ᠎ᠶᠢᠨ ᠨᠠᠭᠤᠷ᠎ᠤᠨ ᠭᠠᠳᠠᠷᠭᠤ ᠵᠢᠨ ᠲᠠᠯᠠᠪᠠᠶ ᠨᠢ ᠰᠡᠷᠡᠮᠵᠢᠯᠡᠭᠦᠯᠬᠦ ᠲᠠᠯᠠᠪᠠᠶ ᠠ᠋ᠴᠠ ᠪᠠᠭ᠎ᠠ ᠪᠤᠶᠤ ᠨᠠᠭᠤᠷ᠎ᠤᠨ ᠤᠰᠤᠨ ᠲᠦᠪᠰᠢᠨ ᠨᠢ ᠰᠡᠷᠡᠮᠵᠢᠯᠡᠭᠦᠯᠬᠦ ᠤᠰᠤᠨ ᠲᠦᠪᠰᠢᠨ᠎ᠡᠴᠡ ᠳᠣᠣᠷ᠎ᠠ ᠪᠣᠯᠬᠤ ᠦᠶ᠎ᠡ᠎ᠳᠦ᠂ ᠠᠮᠢ ᠠᠬᠤᠢ᠎ᠶᠢᠨ ᠪᠠᠴᠢᠮ ᠪᠠᠢᠳᠠᠯ᠎ᠢ ᠠᠷᠭᠠᠴᠠᠭᠠᠵᠤ ᠤᠰᠤ ᠨᠥᠬᠥᠪᠦᠷᠢᠯᠡᠬᠦ ᠠᠵᠢᠯ᠎ᠢ ᠡᠬᠢᠯᠡᠭᠦᠯᠵᠦ᠂ ᠳᠠᠭ᠎ᠠ᠎ᠶᠢᠨ ᠨᠠᠭᠤᠷ᠎ᠤᠨ ᠭᠠᠳᠠᠷᠭᠤ ᠵᠢᠨ ᠲᠠᠯᠠᠪᠠᠶ᠎ᠶᠢ ᠢᠷᠡᠭᠡᠳᠦᠢ᠎ᠶᠢᠨ 3 ᠵᠢᠯ᠎ᠦᠨ ᠳᠣᠲᠣᠷ᠎ᠠ ᠬᠠᠷᠠᠯᠲᠠ᠎ᠶᠢᠨ ᠬᠡᠪᠴᠢᠶᠡᠨ᠎ᠳᠦ ᠲᠣᠭᠲᠠᠭᠤᠨ ᠪᠠᠢᠯᠭᠠᠬᠤ᠎ᠶᠢ ᠦᠨᠡᠨ ᠬᠦ᠌ ᠪᠠᠲᠤᠯᠠᠨ᠎ᠠ ᠬᠡᠵᠤ ᠲᠤᠬᠳᠠᠭᠠᠪᠠ᠃

ᠳᠠᠭ᠎ᠠ᠎ᠶᠢᠨ ᠨᠠᠭᠤᠷ ᠪᠣᠯ ᠥᠪᠥᠷ ᠮᠣᠩᠭᠣᠯ᠎ᠤᠨ ᠭᠤᠷᠪᠠᠳᠤᠭᠠᠷ ᠶᠡᠬᠡ ᠳᠣᠲᠣᠭᠠᠳᠤ ᠬᠠᠭᠤᠷᠠᠢ᠎ᠶᠢᠨ ᠨᠠᠭᠤᠷ ᠪᠣᠯᠣᠨ᠎ᠠ᠂ ᠪᠠᠢᠭᠠᠯᠢ᠎ᠶᠢᠨ ᠠᠭᠤᠷ ᠠᠮᠢᠰᠬᠤᠯ᠎ᠤᠨ ᠬᠤᠪᠢᠷᠠᠯᠲᠠ ᠪᠣᠯᠣᠨ ᠵᠣᠷᠢᠭᠤᠳᠠ᠎ᠶᠢᠨ ᠬᠦᠴᠦᠨ ᠵᠦᠢᠯ᠎ᠦᠨ ᠨᠥᠯᠥᠭᠡ᠎ᠡᠴᠡ ᠪᠣᠯᠵᠤ᠂ ᠨᠢᠭᠡ ᠦᠶ᠎ᠡ ᠭᠠᠨᠭᠳᠠᠬᠤ ᠪᠠᠢᠳᠠᠯ ᠢᠯᠡᠷᠡᠵᠡᠢ᠃ ᠣᠢᠷ᠎ᠠ᠎ᠶᠢᠨ ᠵᠢᠯ᠎ᠡᠴᠡ ᠥᠪᠥᠷ ᠮᠣᠩᠭᠣᠯ ᠳᠠᠭ᠎ᠠ᠎ᠶᠢᠨ ᠨᠠᠭᠤᠷ᠎ᠤᠨ ᠠᠮᠢ ᠠᠬᠤᠢ᠎ᠶᠢᠨ ᠬᠠᠮᠠᠭᠠᠯᠠᠯᠲᠠ ᠵᠠᠰᠠᠯᠲᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠠᠭ᠎ᠠ᠎ᠶᠢᠨ ᠨᠠᠭᠤᠷ᠎ᠤᠨ ᠠᠮᠢ ᠠᠬᠤᠢ᠎ᠶᠢᠨ ᠬᠠᠮᠠᠭᠠᠯᠠᠯᠲᠠ᠎ᠶᠢᠨ ᠲᠣᠭᠣᠷᠢᠨ᠎ᠳᠤ᠂ ᠳᠠᠭ᠎ᠠ᠎ᠶᠢᠨ ᠨᠠᠭᠤᠷ᠎ᠤᠨ ᠠᠮᠢ ᠠᠬᠤᠢ ᠳ᠋ᠤ ᠪᠠᠴᠢᠮ ᠪᠠᠢᠳᠠᠯ᠎ᠢ ᠠᠷᠭᠠᠴᠠᠭᠠᠬᠤ ᠤᠰᠤ ᠨᠥᠬᠥᠪᠦᠷᠢᠯᠡᠬᠦ ᠢᠨᠵᠧᠨᠧᠷᠢᠩ᠎ᠦᠨ ᠭᠣᠣᠯ ᠮᠥᠷᠡᠨ ᠨᠠᠭᠤᠷ ᠴᠦᠭᠦᠷᠦᠮ᠎ᠤᠨ ᠳᠠᠷᠤᠭ᠎ᠠ᠎ᠶᠢᠨ ᠰᠢᠰᠲ᠋ᠸᠮ᠎ᠢ ᠪᠦᠬᠦ ᠲᠠᠯ᠎ᠠ᠎ᠪᠠᠷ ᠪᠠᠢᠭᠤᠯᠵᠤ᠂ ᠡᠵᠢ ᠭᠣᠣᠯ᠎ᠤᠨ ᠠᠮᠢ ᠠᠬᠤᠢ᠎ᠶᠢᠨ ᠰᠡᠷᠭᠦᠯᠲᠡ᠎ᠶᠢ ᠠᠬᠢᠭᠤᠯᠪᠠ᠃

ᠥᠪᠥᠷ ᠮᠣᠩᠭᠣᠯ ᠳᠠᠭ᠎ᠠ᠎ᠶᠢᠨ ᠨᠠᠭᠤᠷ᠎ᠤᠨ ᠠᠮᠢ ᠠᠬᠤᠢ ᠳ᠋ᠤ ᠪᠠᠴᠢᠮ ᠪᠠᠢᠳᠠᠯ᠎ᠢ ᠠᠷᠭᠠᠴᠠᠭᠠᠬᠤ ᠤᠰᠤ ᠨᠥᠬᠥᠪᠦᠷᠢᠯᠡᠬᠦ ᠢᠨᠵᠧᠨᠧᠷᠢᠩ᠎ᠢ ᠬᠡᠷᠡᠭᠵᠢᠭᠦᠯᠦᠭᠰᠡᠨ ᠡᠴᠡ ᠨᠠᠭᠠᠰᠢ᠂ ᠳᠠᠭ᠎ᠠ᠎ᠶᠢᠨ ᠨᠠᠭᠤᠷ᠎ᠤᠨ ᠠᠮᠢ ᠠᠬᠤᠢ᠎ᠳᠤ ᠨᠡᠶ᠋ᠢᠲᠡ 6317 ᠲᠦᠮᠡᠨ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠦᠷᠢᠯᠡᠪᠡ᠃ ᠳᠠᠭ᠎ᠠ᠎ᠶᠢᠨ ᠨᠠᠭᠤᠷ᠎ᠤᠨ ᠠᠮᠢ ᠠᠬᠤᠢ ᠳ᠋ᠤ ᠪᠠᠴᠢᠮ ᠪᠠᠢᠳᠠᠯ᠎ᠢ ᠠᠷᠭᠠᠴᠠᠭᠠᠵᠤ ᠤᠰᠤ ᠨᠥᠬᠥᠪᠦᠷᠢᠯᠡᠬᠦ ᠦᠷ᠎ᠡ ᠠᠰᠢᠭ᠋ ᠠᠭᠠᠵᠢᠮ᠎ᠢᠶᠠᠷ ᠢᠯᠡᠷᠡᠬᠦ᠎ᠶᠢ ᠳᠠᠭᠠᠯᠳᠤᠨ᠂ ᠳᠠᠭ᠎ᠠ᠎ᠶᠢᠨ ᠨᠠᠭᠤᠷ᠎ᠤᠨ ᠰᠠᠢᠷᠭᠠᠯ᠎ᠤᠨ ᠭᠠᠵᠠᠷ ᠳᠣᠣᠷᠠᠬᠢ ᠤᠰᠤᠨ᠎ᠤ ᠲᠦᠪᠰᠢᠨ ᠦᠷᠭᠦᠯᠵᠢᠯᠡᠨ ᠲᠣᠭᠲᠠᠭᠤᠨ ᠪᠠᠢᠵᠤ᠂ ᠤᠷᠭᠤᠮᠠᠯ᠎ᠤᠨ ᠬᠤᠴᠢᠯᠭ᠎ᠠ᠎ᠶᠢᠨ ᠪᠦᠷᠬᠦᠴᠡ᠂ ᠰᠢᠪᠠᠭᠤᠨ᠎ᠤ ᠲᠥᠷᠥᠯ ᠵᠦᠢᠯ ᠢᠯᠡᠳᠲᠡ ᠨᠡᠮᠡᠭᠳᠡᠨ᠂ ᠨᠠᠭᠤᠷ᠎ᠤᠨ ᠣᠷᠣᠨ᠎ᠤ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠬᠢᠷᠢ ᠲᠦᠪᠰᠢᠨ ᠲᠣᠭᠲᠠᠭᠤᠨ᠎ᠢᠶᠠᠷ ᠳᠡᠭᠡᠭᠰᠢᠯᠡᠵᠦ᠂ ᠳᠠᠭ᠎ᠠ᠎ᠶᠢᠨ ᠨᠠᠭᠤᠷ ᠵᠢᠴᠢ ᠡᠷᠬᠢᠨ ᠲᠣᠭᠣᠷᠢᠨ᠎ᠤ ᠤᠰᠤᠨ᠎ᠤ ᠠᠮᠢ ᠠᠬᠤᠢ ᠪᠠ ᠬᠥᠮᠥᠰ᠎ᠦᠨ ᠣᠷᠣᠰᠢᠨ ᠰᠠᠭᠤᠬᠤ ᠣᠷᠴᠢᠨ ᠲᠣᠭᠣᠷᠢᠨ ᠢᠯᠡᠳᠲᠡ ᠰᠠᠢᠵᠢᠷᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄
兼容浏览器的HTML页面