ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-05-13 15:56:07

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

5 ᠰᠠᠷ᠎ᠠ᠎ᠶᠢᠨ 12᠎ᠤᠨ ᠡᠳᠦᠷ᠂ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠰᠦᠯᠵᠢᠶ᠎ᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ ᠣᠯᠠᠨ ᠲᠦᠮᠡᠨ᠎ᠦ ᠪᠠᠶ᠋ᠢᠭᠤᠯᠭ᠎ᠠ (ᠠᠯᠪᠠᠳᠠᠨ᠎ᠤ ᠬᠠᠤᠯᠢ ᠪᠡᠷ ᠯᠠᠪᠯᠠᠯᠳᠠ ᠪᠤᠯᠭᠠᠨ ᠬᠠᠮᠢᠶᠠᠷᠬᠤ ᠨᠢᠭᠡᠴᠢ)᠎ᠶᠢᠨ 2026 ᠣᠨ᠎ᠤ ᠠᠯᠪᠠᠲᠠᠨ ᠰᠢᠯᠭᠠᠨ ᠡᠯᠰᠡᠬᠦ᠌ ᠮᠣᠩᠭᠣᠯ ᠦᠭᠡ ᠬᠡᠯᠡ ᠥᠰᠥᠭ ᠪᠢᠴᠢᠭ᠎ᠦᠨ ᠣᠷᠴᠢᠭᠤᠯᠭ᠎ᠠ᠎ᠶᠢᠨ ᠬᠢᠷᠢ ᠲᠦᠪᠰᠢᠨ᠎ᠦ ᠨᠡᠮᠡᠯᠲᠡ ᠰᠢᠯᠭᠠᠯᠲᠠ᠎ᠶᠢᠨ ᠬᠣᠯᠪᠣᠭᠳᠠᠯ ᠪᠥᠬᠥᠶ ᠵᠦᠢᠯᠡᠰ᠎ᠦᠨ ᠲᠤᠬᠠᠶ ᠠᠯᠪᠠᠨ ᠵᠠᠷᠯᠠᠯ ᠨᠡᠶ᠋ᠢᠲᠡᠯᠡᠪᠡ᠃


QQ截图20260513155709.png


ᠪᠦᠬᠦ᠌ ᠠᠭᠤᠯᠭ᠎ᠠ ᠨᠢ ᠳᠣᠣᠷᠠᠬᠢ ᠮᠡᠲᠦ᠍ ᠄


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ ᠣᠯᠠᠨ ᠲᠦᠮᠡᠨ᠎ᠦ ᠪᠠᠶ᠋ᠢᠭᠤᠯᠭ᠎ᠠ (ᠠᠯᠪᠠᠳᠠᠨ᠎ᠤ ᠬᠠᠤᠯᠢ ᠪᠡᠷ ᠯᠠᠪᠯᠠᠯᠳᠠ ᠪᠤᠯᠭᠠᠨ ᠬᠠᠮᠢᠶᠠᠷᠬᠤ ᠨᠢᠭᠡᠴᠢ)᠎ᠶᠢᠨ 2026 ᠣᠨ᠎ᠤ ᠠᠯᠪᠠᠲᠠᠨ ᠰᠢᠯᠭᠠᠨ ᠡᠯᠰᠡᠬᠦ᠌ ᠮᠣᠩᠭᠣᠯ ᠦᠭᠡ ᠬᠡᠯᠡ ᠥᠰᠥᠭ ᠪᠢᠴᠢᠭ᠎ᠦᠨ ᠣᠷᠴᠢᠭᠤᠯᠭ᠎ᠠ᠎ᠶᠢᠨ ᠬᠢᠷᠢ ᠲᠦᠪᠰᠢᠨ᠎ᠦ ᠨᠡᠮᠡᠯᠲᠡ ᠰᠢᠯᠭᠠᠯᠲᠠ᠎ᠶᠢᠨ ᠬᠣᠯᠪᠣᠭᠳᠠᠯ ᠪᠥᠬᠥᠶ ᠵᠦᠢᠯᠡᠰ ᠎ᠤᠨ ᠲᠤᠬᠠᠶ ᠠᠯᠪᠠᠨ ᠵᠠᠷᠯᠠᠯ


ᠦᠷᠭᠡᠨ ᠤᠯᠠᠨ ᠰᠢᠯᠭᠠᠭᠤᠯᠤᠭᠴᠢ᠎ᠳᠦ᠄

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ ᠣᠯᠠᠨ ᠲᠦᠮᠡᠨ᠎ᠦ ᠪᠠᠶ᠋ᠢᠭᠤᠯᠭ᠎ᠠ (ᠠᠯᠪᠠᠳᠠᠨ᠎ᠤ ᠬᠠᠤᠯᠢ ᠪᠡᠷ ᠯᠠᠪᠯᠠᠯᠳᠠ ᠪᠤᠯᠭᠠᠨ ᠬᠠᠮᠢᠶᠠᠷᠬᠤ ᠨᠢᠭᠡᠴᠢ)᠎ᠶᠢᠨ 2026 ᠣᠨ᠎ᠤ ᠠᠯᠪᠠᠲᠠᠨ ᠰᠢᠯᠭᠠᠨ ᠡᠯᠰᠡᠬᠦ᠌ ᠮᠣᠩᠭᠣᠯ ᠦᠭᠡ ᠬᠡᠯᠡ ᠥᠰᠥᠭ ᠪᠢᠴᠢᠭ᠎ᠦᠨ ᠣᠷᠴᠢᠭᠤᠯᠭ᠎ᠠ᠎ᠶᠢᠨ ᠬᠢᠷᠢ ᠲᠦᠪᠰᠢᠨ᠎ᠦ ᠨᠡᠮᠡᠯᠲᠡ ᠰᠢᠯᠭᠠᠯᠲᠠ᠎ᠶᠢᠨ ᠬᠣᠯᠪᠣᠭᠳᠠᠯ ᠪᠥᠬᠥᠶ ᠵᠦᠢᠯᠡᠰ᠎ᠢ ᠳᠤᠤᠷᠠᠬᠢ ᠮᠡᠲᠦ᠍ ᠵᠠᠷᠯᠠᠶ᠎ᠠ᠃

ᠨᠢᠭᠡ᠂ ᠴᠠᠭ

2026 ᠣᠨ᠎ᠤ 5 ᠰᠠᠷ᠎ᠠ᠎ᠶᠢᠨ 14᠎ᠦ ᠡᠳᠦᠷ ᠶᠠᠪᠤᠭᠳᠠᠭᠤᠯᠤᠨ᠎ᠠ᠃ 《ᠮᠣᠩᠭᠣᠯ ᠦᠭᠡ ᠬᠡᠯᠡ ᠥᠰᠥᠭ ᠪᠢᠴᠢᠭ᠎ᠲᠤ ᠨᠡᠪᠳᠡᠷᠡᠭᠰᠡᠨ》 ᠲᠤᠰᠢᠶᠠᠯ᠎ᠤᠨ ᠪᠠᠶ᠋ᠢᠷᠢ᠎ᠳᠤ ᠨᠡᠷ᠎ᠡ ᠮᠡᠳᠡᠭᠦᠯᠦᠭᠰᠡᠳ 5 ᠰᠠᠷ᠎ᠠ᠎ᠶᠢᠨ 13 ᠎ᠤ ᠡᠳᠦᠷ᠎ᠦᠨ 11᠄ 00 ᠴᠠᠭ᠎ᠠᠴᠠ ᠡᠬᠢᠯᠡᠨ ᠨᠡᠷ᠎ᠡ ᠮᠡᠳᠡᠭᠦᠯᠬᠦ᠌ ᠰᠦᠯᠵᠢᠶ᠎ᠡ᠎ᠳᠦ ᠭᠠᠷᠴᠤ᠌ 《ᠮᠣᠩᠭᠣᠯ ᠦᠭᠡ ᠬᠡᠯᠡ ᠥᠰᠥᠭ ᠪᠢᠴᠢᠭ᠎ᠦᠨ ᠣᠷᠴᠢᠭᠤᠯᠭ᠎ᠠ᠎ᠶᠢᠨ ᠬᠢᠷᠢ ᠲᠦᠪᠰᠢᠨ᠎ᠦ ᠨᠡᠮᠡᠯᠲᠡ ᠰᠢᠯᠭᠠᠯᠲᠠ᠎ᠶᠢᠨ ᠮᠡᠳᠡᠭᠳᠡᠯ᠎ᠦᠨ ᠪᠢᠴᠢᠭ》᠎ᠢ ᠥᠪᠡᠰᠦᠪᠡᠨ ᠪᠠᠭᠤᠯᠭᠠᠨ ᠳᠠᠷᠤᠮᠠᠯᠯᠠᠵᠤ᠂ ᠲᠣᠭᠲᠠᠭᠰᠠᠨ ᠭᠠᠵᠠᠷ᠎ᠲᠤ᠌ ᠬᠦᠷᠴᠦ᠍ ᠮᠣᠩᠭᠣᠯ ᠦᠭᠡ ᠬᠡᠯᠡ ᠥᠰᠥᠭ ᠪᠢᠴᠢᠭ᠎ᠦᠨ ᠣᠷᠴᠢᠭᠤᠯᠭ᠎ᠠ᠎ᠶᠢᠨ ᠬᠢᠷᠢ ᠲᠦᠪᠰᠢᠨ᠎ᠦ ᠨᠡᠮᠡᠯᠲᠡ ᠰᠢᠯᠭᠠᠯᠲᠠ᠎ᠳᠤ ᠣᠷᠣᠯᠴᠠᠬᠤ ᠬᠡᠷᠡᠭᠲᠡᠶ᠃

ᠬᠣᠶᠠᠷ᠂ ᠭᠠᠵᠠᠷ

ᠪᠣᠳᠠᠲᠠᠶ ᠭᠠᠵᠠᠷ᠎ᠢ 《ᠮᠣᠩᠭᠣᠯ ᠦᠭᠡ ᠬᠡᠯᠡ ᠦᠰᠦᠭ ᠪᠢᠴᠢᠭ᠎ᠦᠨ ᠣᠷᠴᠢᠭᠤᠯᠭ᠎ᠠ᠎ᠶᠢᠨ ᠬᠢᠷᠢ ᠲᠦᠪᠰᠢᠨ᠎ᠤ ᠨᠡᠮᠡᠯᠳᠡ ᠰᠢᠯᠭᠠᠯᠳᠠ ᠵᠢᠨ ᠮᠡᠳᠡᠭᠳᠡᠯ᠎ᠦᠨ ᠪᠢᠴᠢᠭ》 ᠡᠴᠡ ᠨᠠᠷᠢᠨ ᠦᠵᠡᠬᠡᠷᠡᠢ᠃

ᠭᠤᠷᠪᠠ᠂ ᠬᠡᠷᠡᠭᠰᠡᠭᠦ ᠴᠢᠬᠤᠯᠠᠳᠠᠢ ᠮᠠᠲ᠋ᠧᠷᠢᠶᠠᠯ

1. ᠬᠦᠴᠦᠨ᠎ᠪᠦᠬᠦᠢ ᠬᠤᠭᠤᠴᠠᠭᠠᠨ ᠳ᠋ᠡᠬᠢ ᠬᠣᠶᠠᠳᠤᠭᠠᠷ ᠦᠶ᠎ᠡ᠎ᠶᠢᠨ ᠪᠡᠶ᠎ᠡ᠎ᠶᠢᠨ ᠦᠨᠡᠮᠯᠡᠯ (ᠲᠦᠷ ᠴᠠᠭ᠎ᠤᠨ ᠪᠡᠶ᠎ᠡ᠎ᠶᠢᠨ ᠦᠨᠡᠮᠯᠡᠯ);

2. 《ᠮᠣᠩᠭᠣᠯ ᠦᠭᠡ ᠬᠡᠯᠡ ᠦᠰᠦᠭ ᠪᠢᠴᠢᠭ᠎ᠦᠨ ᠣᠷᠴᠢᠭᠤᠯᠭ᠎ᠠ᠎ᠶᠢᠨ ᠬᠢᠷᠢ ᠲᠦᠪᠰᠢᠨ᠎ᠤ ᠨᠡᠮᠡᠯᠲᠡ ᠰᠢᠯᠭᠠᠯᠲᠠ᠎ᠶᠢᠨ ᠮᠡᠳᠡᠭᠳᠡᠯ᠎ᠦᠨ ᠪᠢᠴᠢᠭ》᠃

ᠳᠥᠷᠪᠡ᠂ ᠬᠠᠮᠢᠶ᠎ᠠ ᠪᠥᠬᠥᠶ ᠱᠠᠭᠠᠷᠳᠠᠯᠭ᠎ᠠ

ᠰᠢᠯᠭᠠᠭᠤᠯᠤᠭᠴᠢ ᠡᠷᠬᠡᠪᠰᠢ ᠵᠢᠭᠠᠨ ᠲᠣᠭᠲᠠᠭᠠᠭᠰᠠᠨ ᠤᠯᠤᠰ᠎ᠤᠨ ᠨᠡᠶ᠋ᠢᠳᠡᠮ ᠬᠡᠷᠡᠭᠯᠡᠬᠦ᠌ ᠦᠭᠡ ᠬᠡᠯᠡ ᠥᠰᠥᠭ ᠪᠢᠴᠢᠭ᠎ᠦᠨ ᠮᠠᠲ᠋ᠧᠷᠢᠶᠠᠯ᠎ᠢ ᠲᠤᠬᠠᠶ᠎ᠶᠢᠨ ᠲᠠᠯᠠᠪᠤᠷ᠎ᠲᠤ᠌ ᠠᠮᠠ᠎ᠪᠠᠷ ᠣᠷᠴᠢᠭᠤᠯᠵᠦ᠂ ᠬᠢᠷᠢ ᠲᠡᠩᠴᠡᠪᠡᠯ ᠨᠢᠭᠤᠷᠲᠠᠨ ᠰᠢᠯᠭᠠᠬᠤ ᠭᠣᠭᠴᠣᠭ᠎ᠠ᠎ᠳᠤ ᠣᠷᠣᠨ᠎ᠠ᠂ ᠬᠢᠷᠢ ᠲᠡᠩᠴᠡᠭᠦ᠌ ᠦᠭᠡᠢ ᠪᠤᠯ ᠲᠣᠰ ᠲᠤᠰᠢᠶᠠᠯ᠎ᠤᠨ ᠪᠠᠶ᠋ᠢᠷᠢ᠎ᠳᠤ ᠨᠡᠷ᠎ᠡ ᠮᠡᠳᠡᠭᠦᠯᠦᠭᠰᠡᠳ᠎ᠤᠨ ᠪᠢᠴᠢᠭ᠎ᠤᠨ ᠰᠢᠯᠭᠠᠯᠲᠠ᠎ᠶᠢᠨ ᠬᠢᠷᠢ ᠪᠦᠲᠦᠮᠵᠢ᠎ᠶᠢᠨ ᠥᠨᠳᠥᠷ᠎ᠡᠴᠡ ᠳᠤᠤᠷ᠎ᠠ ᠲᠠᠰ ᠳᠠᠷᠠᠭᠠᠯᠠᠯ᠎ᠢᠶᠠᠷ ᠨᠦᠬᠦᠨ᠎ᠡ᠂ ᠨᠢᠭᠡ ᠯᠡ ᠤᠳᠠᠭ᠎ᠠ ᠳᠠᠷᠠᠭᠠᠯᠠᠨ ᠨᠦᠬᠦᠵᠦ᠂ ᠤᠲᠠᠰᠦᠳᠠᠬᠤ ᠬᠡᠯᠪᠡᠷᠢ᠎ᠪᠡᠷ ᠮᠡᠳᠡᠭᠳᠡᠨ᠎ᠠ᠂ ᠰᠢᠯᠭᠠᠭᠤᠯᠤᠭᠴᠢ ᠨᠡᠷ᠎ᠡ ᠮᠡᠳᠡᠭᠦᠯᠬᠦ᠌ ᠦᠶ᠎ᠡ᠎ᠳᠦ ᠦᠯᠡᠳᠡᠭᠡᠭᠰᠡᠨ ᠭᠠᠷ ᠤᠲᠠᠰᠤᠨ᠎ᠤ ᠨᠣᠮᠧᠷ᠎ᠤᠨ ᠰᠠᠭᠠᠳ ᠥᠬᠡᠶ ᠨᠡᠪᠳᠡᠷᠡᠭᠦ ᠵᠢ ᠪᠠᠲᠤᠯᠠᠭᠠᠷᠠᠢ᠂ ᠡᠯᠰᠡᠬᠦ᠌ ᠨᠢᠭᠡᠴᠢ 24 ᠴᠠᠭ᠎ᠤᠨ ᠳᠣᠲᠣᠷ᠎ᠠ ᠳᠠᠷᠠᠭᠠᠯᠨᠨ ᠨᠦᠭᠦᠭᠦ ᠰᠢᠯᠭᠠᠭᠤᠯᠤᠭᠴᠢ᠎ᠲᠡᠶ ᠬᠠᠷᠢᠯᠴᠠᠬᠤ᠎ᠶᠢᠨ ᠠᠷᠭ᠎ᠠ ᠥᠬᠡᠶ ᠪᠠᠶ᠋ᠢᠪᠠᠯ᠂ ᠳᠤᠬᠠᠢ ᠵᠢᠨ ᠰᠢᠯᠭᠠᠭᠤᠯᠤᠭᠴᠢ ᠡᠷᠭᠡ ᠪᠡᠨ ᠲᠠᠶᠠᠭᠳᠠᠬᠰᠠᠨ᠎ᠢᠶᠠᠷ ᠦᠵᠡᠨ᠎ᠡ᠃

ᠲᠠᠪᠤ᠂ ᠳᠠᠷᠠᠭᠠᠯᠠᠨ ᠨᠦᠭᠦᠭᠦ

2026 ᠣᠨ᠎ᠤ 5 ᠰᠠᠷ᠎ᠠ᠎ᠶᠢᠨ 15᠎ᠤ ᠡᠳᠦᠷ ᠶᠠᠪᠤᠭᠳᠠᠨ᠎ᠠ᠃ ᠳᠠᠷᠠᠭᠠᠯᠠᠨ ᠨᠦᠭᠦᠭᠦ ᠪᠡᠷ ᠪᠠᠶ᠋ᠢᠭ᠎ᠠ ᠰᠢᠯᠭᠠᠭᠤᠯᠤᠭᠴᠢ ᠡᠷᠬᠡᠪᠰᠢ ᠡᠯᠰᠡᠨ ᠠᠪᠬᠤ ᠪᠠᠶ᠋ᠢᠭᠤᠯᠭ᠎ᠠ᠎ᠶᠢᠨ ᠤᠳᠠᠰᠤ ᠪᠡᠷ ᠮᠡᠳᠡᠭᠳᠡᠭᠦ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠵᠢᠭᠠᠨ ᠲᠣᠭᠲᠠᠭᠠᠭᠰᠠᠨ ᠭᠠᠵᠠᠷ᠎ᠲᠤ᠌ ᠬᠦᠷᠴᠦ᠍ ᠮᠣᠩᠭᠣᠯ ᠦᠭᠡ ᠬᠡᠯᠡ ᠦᠰᠦᠭ ᠪᠢᠴᠢᠭ᠎ᠦᠨ ᠣᠷᠴᠢᠭᠤᠯᠭ᠎ᠠ᠎ᠶᠢᠨ ᠬᠢᠷᠢ ᠲᠦᠪᠰᠢᠨ᠎ᠤ ᠨᠡᠮᠡᠯᠲᠡ ᠰᠢᠯᠭᠠᠯᠲᠠ᠎ᠳᠤ ᠣᠷᠣᠯᠴᠠᠬᠤ ᠬᠡᠷᠡᠭᠲᠡᠶ᠃

ᠭᠢᠨᠳᠠᠨ᠎ᠤ ᠰᠢᠰᠲ᠋ᠧᠮ᠎ᠦᠨ 《ᠮᠣᠩᠭᠣᠯ ᠦᠭᠡ ᠬᠡᠯᠡ ᠥᠰᠥᠭ ᠪᠢᠴᠢᠭ᠎ᠲᠤ ᠨᠡᠪᠳᠡᠷᠡᠭᠰᠡᠨ》 ᠲᠤᠰᠢᠶᠠᠯ᠎ᠤᠨ ᠪᠠᠶ᠋ᠢᠷᠢ᠎ᠳᠤ ᠨᠡᠷ᠎ᠡ ᠮᠡᠳᠡᠭᠦᠯᠦᠭᠰᠡᠳ ᠪᠠ ᠳᠣᠲᠣᠭᠠᠳᠤ᠎ᠶᠢ ᠬᠠᠮᠠᠭᠠᠯᠠᠬᠤ ᠰᠢᠰᠲ᠋ᠧᠮ᠎ᠦᠨ ᠲᠤᠰᠢᠶᠠᠯ᠎ᠤᠨ ᠪᠠᠶ᠋ᠢᠷᠢ᠎ᠳᠤ ᠨᠡᠷ᠎ᠡ ᠮᠡᠳᠡᠭᠦᠯᠦᠭᠰᠡᠳ᠎ᠦᠨ ᠮᠣᠩᠭᠣᠯ ᠦᠭᠡ ᠬᠡᠯᠡ ᠥᠰᠥᠭ ᠪᠢᠴᠢᠭ᠎ᠦᠨ ᠣᠷᠴᠢᠭᠤᠯᠭ᠎ᠠ᠎ᠶᠢᠨ ᠬᠢᠷᠢ ᠲᠦᠪᠰᠢᠨ᠎ᠦ ᠨᠡᠮᠡᠯᠲᠡ ᠰᠢᠯᠭᠠᠯᠲᠠ᠎ᠶᠢ ᠬᠥᠬᠡᠬᠣᠲᠠ᠎ᠳᠤ ᠨᠢᠭᠡᠳᠦᠯᠲᠡᠶ ᠶᠠᠪᠤᠭᠳᠠᠭᠤᠯᠤᠨ᠎ᠠ; ᠪᠤᠰᠤᠳ 《ᠮᠣᠩᠭᠣᠯ ᠦᠭᠡ ᠬᠡᠯᠡ ᠥᠰᠥᠭ ᠪᠢᠴᠢᠭ᠎ᠲᠤ ᠨᠡᠪᠳᠡᠷᠡᠭᠰᠡᠨ》 ᠲᠤᠰᠢᠶᠠᠯ᠎ᠤᠨ ᠪᠠᠶ᠋ᠢᠷᠢ᠎ᠳᠤ ᠨᠡᠷ᠎ᠡ ᠮᠡᠳᠡᠭᠦᠯᠦᠭᠰᠡᠳ᠎ᠤᠨ ᠬᠢᠷᠢ ᠬᠡᠮ᠎ᠢ᠎ᠳᠠᠬᠢᠨ ᠬᠢᠨᠠᠬᠤ ᠪᠠ ᠮᠣᠩᠭᠣᠯ ᠦᠭᠡ ᠬᠡᠯᠡ ᠥᠰᠥᠭ ᠪᠢᠴᠢᠭ᠎ᠦᠨ ᠣᠷᠴᠢᠭᠤᠯᠭ᠎ᠠ᠎ᠶᠢᠨ ᠬᠢᠷᠢ ᠲᠦᠪᠰᠢᠨ᠎ᠤ ᠨᠡᠮᠡᠯᠳᠡ ᠰᠢᠯᠭᠠᠯᠳᠠ᠎ᠶᠢ ᠡᠯ᠎ᠡ ᠠᠶ᠋ᠢᠮᠠᠭ ᠬᠣᠲᠠ᠎ᠶᠢᠨ ᠵᠠᠰᠠᠭ᠎ᠤᠨ ᠣᠷᠳᠣᠨ (ᠵᠠᠬᠢᠷᠭ᠎ᠠ)᠎ᠤ ᠪᠠᠶ᠋ᠢᠭ᠎ᠠ ᠭᠠᠵᠠᠷ᠎ᠲᠤ᠌ ᠶᠠᠪᠤᠭᠳᠠᠭᠤᠯᠤᠨ᠎ᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠲᠠᠨ᠎ᠤ ᠲᠣᠪᠴᠢᠶ᠎ᠠ

2026 ᠣᠨ᠎ᠤ 5 ᠰᠠᠷ᠎ᠠ᠎ᠶᠢᠨ 12 ᠎ᠤᠨ ᠡᠳᠦᠷ


ᠢᠷᠡᠯᠳᠠ᠄ ᠭᠦᠭᠡᠬᠤᠳᠠ ᠵᠢᠨ ᠬᠠᠮ ᠵᠠᠭᠤᠴᠢᠯᠠᠭᠤᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄
兼容浏览器的HTML页面