ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-05-14 15:36:27

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

2026 ᠣᠨ᠎ᠤ 5 ᠰᠠᠷ᠎ᠠ᠎ᠶᠢᠨ 13᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ 《2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠬᠠᠷᠢᠶ᠎ᠠ ᠠᠵᠢᠯ ᠦᠢᠯᠡᠰ᠎ᠦᠨ ᠨᠢᠭᠡᠴᠢ᠎ᠶᠢᠨ ᠢᠯᠡ ᠪᠡᠷ ᠠᠵᠢᠯᠲᠠᠨ ᠡᠯᠰᠡᠬᠦ ᠠᠯᠪᠠᠨ ᠵᠠᠷᠯᠠᠯ》 ᠨᠡᠢᠲᠡᠯᠡᠵᠦ᠂ ᠲᠣᠰ ᠤᠳᠠᠭ᠎ᠠ ᠨᠡᠢᠭᠡᠮ ᠨᠡᠶ᠋ᠢᠲᠡ᠎ᠡᠴᠡ ᠢᠯᠡ᠎ᠪᠡᠷ ᠠᠵᠢᠯ ᠦᠢᠯᠡᠰ᠎ᠦᠨ ᠨᠢᠭᠡᠴᠢ᠎ᠶᠢᠨ ᠠᠵᠢᠯᠲᠠᠨ 7 ᠬᠥᠮᠥᠨ ᠡᠯᠰᠡᠨ᠎ᠡ ᠭᠡᠪᠡ᠃ ᠡᠭᠦᠨ ᠳ᠋ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠶᠡᠷᠦᠩᠬᠡᠢ ᠪᠠᠲᠤᠯᠠᠭ᠎ᠠ᠎ᠶᠢᠨ ᠲᠥᠪ ᠲᠤ᠌ 3 ᠬᠥᠮᠥᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠲᠥᠷᠥ᠎ᠶᠢᠨ ᠪᠣᠳᠣᠯᠭ᠎ᠠ ᠰᠤᠳᠤᠯᠬᠤ ᠲᠥᠪ ᠲᠤ᠌ 1 ᠬᠥᠮᠥᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠠᠰᠠᠷᠠᠮᠵᠢ ᠪᠠ ᠨᠡᠢᠭᠡᠮ᠎ᠦᠨ ᠠᠪᠤᠷᠠᠨ ᠲᠤᠰᠠᠯᠠᠬᠤ ᠦᠢᠯᠡᠴᠢᠯᠡᠭᠡᠨ᠎ᠦ ᠲᠥᠪ ᠲᠤ᠌ 1 ᠬᠥᠮᠥᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠨᠡᠢᠭᠡᠮ᠎ᠦᠨ ᠶᠠᠪᠤᠳᠠᠯ᠎ᠤᠨ ᠦᠢᠯᠡᠴᠢᠯᠡᠭᠡᠨ᠎ᠦ ᠲᠥᠪ ᠲᠤ᠌ 1 ᠬᠥᠮᠥᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠰᠠᠷᠠᠮᠵᠢ᠎ᠶᠢᠨ ᠱᠠᠩᠨᠠᠯᠲᠤ ᠰᠤᠭᠤᠯᠤᠭ᠎ᠠ᠎ᠶᠢᠨ ᠪᠣᠷᠤᠯᠠᠭᠤᠯᠭ᠎ᠠ᠎ᠶᠢᠨ ᠬᠠᠮᠢᠶᠠᠷᠤᠯᠲᠠ᠎ᠶᠢᠨ ᠲᠥᠪ ᠲᠤ᠌ 1 ᠬᠥᠮᠥᠨ ᠡᠯᠰᠡᠨ᠎ᠡ᠃

ᠰᠢᠯᠭᠠᠭᠤᠯᠤᠬᠰᠠᠳ ᠰᠦᠯᠵᠢᠶᠡᠨ ᠳᠡᠭᠡᠷ᠎ᠡ ᠨᠡᠷ᠎ᠡ ᠮᠡᠳᠡᠭᠦᠯᠤᠨ᠎ᠠ᠃ ᠨᠡᠷ᠎ᠡ ᠮᠡᠳᠡᠭᠦᠯᠬᠦ ᠰᠦᠯᠵᠢᠶ᠎ᠡ ᠨᠢ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠰᠦᠯᠵᠢᠶ᠎ᠡ (ᠰᠦᠯᠵᠢᠶᠡᠨ᠎ᠦ ᠬᠠᠶᠢᠭ᠋᠄ http᠄//www.impta.com.cn) ᠪᠣᠯᠣᠨ᠎ᠠ᠃

ᠨᠡᠷ᠎ᠡ ᠮᠡᠳᠡᠭᠦᠯᠬᠦ ᠴᠠᠭ᠄ 2026 ᠣᠨ᠎ᠤ 5 ᠰᠠᠷ᠎ᠠ᠎ᠶᠢᠨ 17᠎ᠤ ᠡᠳᠦᠷ᠎ᠦᠨ 9 ᠄ 00 — 5 ᠰᠠᠷ᠎ᠠ᠎ᠶᠢᠨ 21᠎ᠦ ᠡᠳᠦᠷ᠎ᠦᠨ 17 ᠄ 00 ᠴᠠᠭ᠃

ᠬᠢᠷᠢ ᠬᠡᠮ᠎ᠦᠨ ᠠᠩᠬᠠᠨ᠎ᠤ ᠬᠢᠨᠠᠯᠲᠠ᠎ᠶᠢᠨ ᠴᠠᠭ᠄2026 ᠣᠨ᠎ᠤ 5 ᠰᠠᠷ᠎ᠠ᠎ᠶᠢᠨ 17 ᠎ᠤ ᠡᠳᠦᠷ᠎ᠦᠨ 9 ᠄ 00 — 5 ᠰᠠᠷ᠎ᠠ᠎ᠶᠢᠨ 21 ᠎ᠦ ᠡᠳᠦᠷ᠎ᠦᠨ 20 ᠄ 00 ᠴᠠᠭ᠃

ᠰᠦᠢᠳᠬᠡᠯ ᠲᠤᠰᠢᠶᠠᠬᠤ ᠴᠠᠭ᠄ 2026 ᠣᠨ᠎ᠤ 5 ᠰᠠᠷ᠎ᠠ᠎ᠶᠢᠨ 17᠎ᠤ ᠡᠳᠦᠷ᠎ᠦᠨ 9 ᠄ 00 — 5 ᠰᠠᠷ᠎ᠠ᠎ᠶᠢᠨ 21᠎ᠦ ᠡᠳᠦᠷ᠎ᠦᠨ 24 ᠄ 00 ᠴᠠᠭ᠃


ᠲᠤᠰ ᠬᠣᠯᠪᠣᠭ᠋ᠠᠰᠤ᠎ᠶᠢ ᠲᠤᠪᠴᠢᠳᠠᠵᠤ ᠨᠠᠷᠢᠨ ᠠᠭᠤᠯᠭ᠎ᠠ ᠵᠢ ᠦᠵᠡᠭᠡᠷᠡᠢ


ᠢᠷᠡᠯᠲᠡ᠄ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠰᠦᠯᠵᠢᠶ᠎ᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄
兼容浏览器的HTML页面