2026-05-19 15:56:12
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠲᠤᠰ ᠬᠤᠭᠤᠴᠠᠭᠠᠨ᠎ᠤ ᠲᠥᠪᠯᠡᠷᠡᠭᠦᠯᠦᠨ ᠰᠣᠩᠭᠣᠨ ᠲᠤᠬᠢᠷᠠᠭᠤᠯᠬᠤ ᠰᠢᠯᠢᠳᠡᠭ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠰᠢᠯᠭᠠᠨ ᠪᠠᠢᠴᠠᠭᠠᠯᠳᠠ ᠵᠢᠨ ᠠᠵᠢᠯ ᠵᠡᠷᠭᠡ ᠬᠣᠯᠪᠣᠭᠳᠠᠯ ᠪᠦᠬᠦᠢ ᠵᠦᠢᠯᠡᠰ᠎ᠢ ᠨᠡᠢᠲᠡᠯᠡᠬᠦ ᠲᠤᠬᠠᠢ ᠠᠯᠪᠠᠨ ᠵᠠᠷᠯᠠᠯ
ᠡᠯ᠎ᠡ ᠰᠢᠯᠭᠠᠨ ᠪᠠᠢᠴᠠᠭᠠᠯᠳᠠ ᠵᠢᠨ ᠵᠢᠱ᠌ᠢᠭᠳᠡᠭᠴᠢ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠲᠤᠰ ᠬᠤᠭᠤᠴᠠᠭᠠᠨ᠎ᠤ ᠲᠥᠪᠯᠡᠷᠡᠭᠦᠯᠦᠨ ᠰᠣᠩᠭᠣᠨ ᠲᠤᠬᠢᠷᠠᠭᠤᠯᠬᠤ ᠰᠢᠯᠢᠳᠡᠭ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠰᠢᠯᠭᠠᠨ ᠪᠠᠢᠴᠠᠭᠠᠯᠳᠠ ᠵᠢᠨ ᠬᠡᠪᠴᠢᠶᠡᠨ᠎ᠳᠦ ᠣᠷᠣᠬᠰᠠᠨ ᠵᠢᠱ᠌ᠢᠭᠳᠡᠭᠰᠡᠳ᠎ᠢ ᠨᠢᠭᠡᠨᠲᠡ 5 ᠰᠠᠷ᠎ᠠ᠎ᠶᠢᠨ 9 ᠦ ᠡᠳᠦᠷ ᠨᠡᠢᠲᠡᠯᠡᠪᠡ᠂ ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠲᠤᠰ ᠬᠤᠭᠤᠴᠠᠭᠠᠨ᠎ᠤ ᠰᠢᠯᠢᠳᠡᠭ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠢ ᠲᠥᠪᠯᠡᠷᠡᠭᠦᠯᠦᠨ ᠰᠣᠩᠭᠣᠨ ᠲᠤᠬᠢᠷᠠᠭᠤᠯᠬᠤ ᠠᠯᠪᠠᠨ ᠵᠠᠷᠯᠠᠯ 》᠎ᠤᠨ ᠬᠣᠯᠪᠣᠭᠳᠠᠯ ᠪᠦᠬᠦᠢ ᠲᠣᠭᠲᠠᠭᠠᠯ᠎ᠢ ᠦᠨᠳᠦᠰᠦᠯᠡᠨ᠂ ᠰᠢᠯᠭᠠᠨ ᠪᠠᠢᠴᠠᠭᠠᠯᠳᠠ ᠵᠢᠨ ᠠᠵᠢᠯ ᠵᠡᠷᠭᠡ ᠬᠣᠯᠪᠣᠭᠳᠠᠯ ᠪᠦᠬᠦᠢ ᠵᠦᠢᠯᠡᠰ᠎ᠢ ᠳᠣᠣᠷᠠᠬᠢ ᠮᠡᠲᠦ ᠵᠠᠷᠯᠠᠶ᠎ᠠ᠃
1. ᠰᠢᠯᠭᠠᠨ ᠪᠠᠢᠴᠠᠭᠠᠯᠳᠠ ᠵᠢᠨ ᠠᠵᠢᠯ᠎ᠢ 2026 ᠣᠨ᠎ᠤ 5 ᠰᠠᠷ᠎ᠠ᠎ᠶᠢᠨ ᠳᠤᠮᠳᠠᠴᠢ ᠪᠤᠶᠤ ᠰᠡᠭᠦᠯᠴᠢ᠎ᠡᠴᠡ ᠡᠬᠢᠯᠡᠨ ᠬᠡᠷᠡᠭᠵᠢᠭᠦᠯᠦᠨ᠎ᠡ᠃ ᠰᠢᠯᠭᠠᠨ ᠪᠠᠢᠴᠠᠭᠠᠯᠳᠠ ᠵᠢᠨ ᠵᠢᠱ᠌ᠢᠭᠳᠡᠭᠴᠢ᠎ᠶᠢᠨ ᠬᠢᠷᠢ ᠬᠡᠮ᠎ᠢ ᠳᠠᠬᠢᠨ ᠬᠢᠨᠠᠬᠤ ᠪᠠ ᠰᠢᠯᠭᠠᠨ ᠪᠠᠢᠴᠠᠭᠠᠯᠳᠠ ᠵᠢᠨ ᠠᠵᠢᠯ᠎ᠢ ᠬᠠᠮᠲᠤ ᠳ᠋ᠤᠨᠢ ᠶᠠᠪᠤᠭᠳᠠᠭᠤᠯᠤᠨ᠎ᠠ᠃ ᠪᠣᠳᠠᠲᠠᠢ ᠴᠠᠭ᠎ᠢ ᠰᠢᠯᠭᠠᠨ ᠪᠠᠢᠴᠠᠭᠠᠬᠤ ᠳᠤᠭᠤᠢᠯᠠᠩ ᠪᠣᠯᠣᠨ ᠰᠢᠯᠭᠠᠨ ᠪᠠᠢᠴᠠᠭᠠᠯᠳᠠ ᠵᠢᠨ ᠵᠢᠱ᠌ᠢᠭᠳᠡᠭᠴᠢ ᠵᠢᠴᠢ ᠪᠠᠢᠭ᠎ᠠ ᠶᠡᠬᠡ ᠳᠡᠭᠡᠳᠦ ᠰᠤᠷᠭᠠᠭᠤᠯᠢ ᠲᠠᠢ ᠨᠢ ᠬᠠᠷᠢᠯᠴᠠᠵᠤ ᠲᠣᠭᠲᠠᠭᠠᠨ᠎ᠠ᠂ ᠡᠯ᠎ᠡ ᠰᠢᠯᠭᠠᠨ ᠪᠠᠢᠴᠠᠭᠠᠯᠳᠠ ᠵᠢᠨ ᠵᠢᠱ᠌ᠢᠭᠳᠡᠭᠴᠢ ᠮᠠᠲᠧᠷᠢᠶᠠᠯ ᠵᠢᠨᠨ ᠤᠷᠢᠳᠴᠢᠯᠠᠨ ᠪᠡᠯᠡᠳᠬᠡᠭᠡᠷᠡᠢ ( ᠳᠠᠭᠠᠯᠳᠤᠭᠤᠯᠤᠯ᠎ᠡᠴᠡ ᠦᠵᠡ)᠃
2. ᠰᠢᠯᠭᠠᠨ ᠪᠠᠢᠴᠠᠭᠠᠯᠳᠠ ᠵᠢᠨ ᠵᠢᠱ᠌ᠢᠭᠳᠡᠭᠴᠢ ᠲᠤᠰᠢᠶᠠᠭᠰᠠᠨ ᠬᠤᠪᠢ ᠬᠥᠮᠥᠨ᠎ᠦ ᠮᠡᠳᠡᠭᠡ ᠵᠠᠩᠭᠢ ᠪᠠ ᠬᠣᠯᠪᠣᠭᠳᠠᠯ ᠪᠦᠬᠦᠢ ᠮᠠᠲᠧᠷᠢᠶᠠᠯ᠎ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ᠎ᠲᠤ ᠬᠠᠷᠢᠭᠤᠴᠠᠬᠤ ᠬᠡᠷᠡᠭᠲᠡᠢ᠂ ᠬᠤᠳᠠᠯ ᠬᠠᠭᠤᠷᠮᠠᠭ ᠮᠡᠳᠡᠭᠡ ᠵᠠᠩᠭᠢ ᠵᠢᠴᠢ ᠮᠠᠲᠧᠷᠢᠶᠠᠯ ᠬᠠᠩᠭᠠᠬᠤ᠂ ᠴᠢᠬᠤᠯᠠ ᠮᠡᠳᠡᠭᠡ ᠵᠠᠩᠭᠢ᠎ᠶᠢ ᠨᠢᠭᠤᠨ ᠳᠠᠯᠳᠠᠯᠠᠬᠤ ᠵᠢᠴᠢ ᠰᠢᠯᠭᠠᠨ ᠪᠠᠢᠴᠠᠭᠠᠵᠤ ᠳᠠᠭᠤᠰᠤᠭᠰᠠᠨ᠎ᠤ ᠳᠠᠷᠠᠭ᠎ᠠ ᠬᠢᠷᠢ ᠬᠡᠮ ᠵᠢᠨᠨ ᠬᠠᠶᠠᠭᠰᠠᠨ ᠰᠢᠯᠭᠠᠨ ᠪᠠᠢᠴᠠᠭᠠᠯᠳᠠ ᠵᠢᠨ ᠵᠢᠱ᠌ᠢᠭᠳᠡᠭᠴᠢ᠎ᠶᠢᠨ ᠰᠣᠩᠭᠣᠨ ᠲᠤᠬᠢᠷᠠᠭᠤᠯᠬᠤ ᠬᠢᠷᠢ ᠬᠡᠮ᠎ᠢ ᠨᠢ ᠬᠦᠴᠦᠨ ᠦᠭᠡᠢ ᠪᠣᠯᠭᠠᠬᠤ᠎ᠶᠢᠨ ᠬᠠᠮᠲᠤ ᠦᠨᠡᠨᠴᠢ ᠢᠲᠡᠭᠡᠮᠵᠢ᠎ᠶᠢᠨ ᠲᠠᠩᠰᠠ ᠡᠪᠬᠡᠮᠡᠯ᠎ᠳᠦ ᠲᠡᠮᠳᠡᠭᠯᠡᠨ ᠣᠷᠣᠭᠤᠯᠤᠨ᠎ᠠ᠃
3. ᠬᠡᠷᠪᠡ ᠰᠣᠩᠭᠣᠨ ᠲᠤᠬᠢᠷᠠᠭᠤᠯᠬᠤ ᠬᠢᠷᠢ ᠬᠡᠮ᠎ᠢᠶᠡᠨ ᠬᠠᠶᠠᠭᠰᠠᠨ ᠪᠠᠢᠪᠠᠯ᠂ ᠲᠣᠰ ᠬᠥᠮᠥᠨ ᠨᠢ ᠪᠢᠴᠢᠭ᠎ᠦᠨ ᠲᠣᠳᠣᠷᠬᠠᠢᠯᠠᠯᠲᠠ ᠬᠢᠬᠦ᠎ᠶᠢᠨ ᠬᠠᠮᠲᠤ ᠭᠠᠷᠤᠨ ᠥᠰᠥᠭ ᠵᠢᠷ᠎ᠤᠨ ᠬᠤᠷᠤᠭᠤ ᠳᠠᠷᠤᠵᠤ᠂ ᠡᠯᠧᠺᠲᠷᠣᠨ ᠰᠢᠷᠪᠢᠯᠲᠡ᠎ᠶᠢᠨ ᠮᠠᠲᠧᠷᠢᠶᠠᠯ᠎ᠢ ᠰᠢᠯᠭᠠᠨ ᠪᠠᠢᠴᠠᠭᠠᠬᠤ ᠳᠤᠭᠤᠢᠯᠠᠩ᠎ᠳᠤ ᠶᠠᠪᠤᠭᠤᠯᠬᠤ᠎ᠶᠢᠨ ᠬᠠᠮᠲᠤ ᠤᠲᠠᠰᠤ᠎ᠪᠠᠷ ᠮᠡᠳᠡᠭᠳᠡᠬᠦ ᠬᠡᠷᠡᠭᠲᠡᠢ᠃
4. ᠪᠡᠶ᠎ᠡ᠎ᠶᠢᠨ ᠪᠠᠢᠴᠠᠭᠠᠯᠲᠠ᠂ ᠪᠣᠯᠪᠠᠰᠤᠷᠠᠯ᠎ᠤᠨ ᠠᠵᠢᠯ᠎ᠢ ᠰᠢᠯᠭᠠᠨ ᠪᠠᠢᠴᠠᠭᠠᠭᠰᠠᠨ᠎ᠤ ᠳᠠᠷᠠᠭ᠎ᠠ ᠡᠯ᠎ᠡ ᠠᠢᠮᠠᠭ ᠬᠣᠲᠠ᠎ᠠᠴᠠ ᠵᠣᠬᠢᠶᠠᠨ ᠪᠠᠢᠭᠤᠯᠤᠨ ᠶᠠᠪᠤᠬᠳᠠᠭᠤᠯᠤᠨ᠎ᠠ᠃
5. ᠲᠤᠰ ᠤᠳᠠᠭᠠᠨ᠎ᠤ ᠰᠢᠯᠭᠠᠨ ᠪᠠᠢᠴᠠᠭᠠᠯᠳᠠ᠎ᠨᠢ ᠵᠥᠷᠢᠶ᠎ᠡ ᠲᠣᠭ᠎ᠠ᠎ᠪᠠᠷ ᠰᠢᠯᠭᠠᠨ ᠪᠠᠢᠴᠠᠭᠠᠬᠤ ᠪᠣᠯᠣᠨ᠎ᠠ᠂ ᠰᠢᠯᠭᠠᠨ ᠪᠠᠢᠴᠠᠭᠠᠯᠳᠠ᠎ᠶᠢ ᠬᠠᠷᠢᠭᠤᠴᠠᠵᠤ ᠪᠠᠢᠭ᠎ᠠ ᠠᠢᠮᠠᠭ ᠬᠣᠲᠠ ᠨᠢ ᠬᠠᠮᠤᠭ᠎ᠤᠨ ᠡᠴᠦᠰ ᠲᠤ᠌ ᠬᠤᠪᠢᠶᠠᠷᠢᠯᠠᠨ ᠲᠤᠬᠢᠷᠠᠭᠤᠯᠬᠤ ᠠᠢᠮᠠᠭ ᠬᠣᠲᠠ ᠭᠡᠰᠡᠨ ᠪᠢᠰᠢ᠂ ᠬᠠᠷᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠡᠴᠡ ᠰᠢᠯᠭᠠᠨ ᠪᠠᠢᠴᠠᠭᠠᠭᠰᠠᠨ ᠪᠠᠢᠳᠠᠯᠲᠠᠢᠤᠶᠠᠯᠳᠤᠭᠤᠯᠤᠨ ᠨᠢᠭᠡᠳᠦᠯᠲᠡᠢ ᠲᠥᠯᠥᠪᠵᠢᠭᠦᠯᠦᠨ ᠬᠤᠪᠢᠶᠠᠷᠢᠯᠠᠨ ᠲᠤᠬᠢᠷᠠᠭᠤᠯᠵᠦ᠂ ᠪᠣᠳᠠᠲᠠᠢ ᠡᠯᠰᠡᠨ ᠬᠡᠷᠡᠭᠯᠡᠬᠦ᠎ᠪᠡᠷ ᠪᠠᠢᠭ᠎ᠠ ᠪᠠᠢᠳᠠᠯ᠎ᠢ ᠬᠠᠮᠤᠭ ᠡᠴᠦᠰ᠎ᠦᠨ ᠵᠠᠷᠯᠠᠨ ᠨᠡᠢᠲᠡᠯᠡᠬᠦ᠎ᠪᠡᠷ ᠪᠠᠷᠢᠮᠵᠢᠶ᠎ᠠ ᠪᠣᠯᠭᠠᠨ᠎ᠠ᠃
6. ᠰᠢᠯᠭᠠᠭᠤᠯᠤᠭᠰᠠᠳ ᠰᠠᠢᠨ ᠳᠤᠷ᠎ᠠ᠎ᠠᠴᠠ᠎ᠪᠠᠨ ᠡᠷᠬᠡ᠎ᠪᠡᠨ ᠬᠠᠶᠠᠭᠰᠠᠨ᠂ ᠲᠣᠭᠲᠠᠭᠠᠯ ᠶᠣᠰᠣᠭᠠᠷ ᠰᠢᠯᠭᠠᠨ ᠪᠠᠢᠴᠠᠭᠠᠯᠳᠠ᠎ᠳᠤ ᠣᠷᠣᠯᠴᠠᠭᠰᠠᠨ ᠦᠭᠡᠢ᠂ ᠰᠢᠯᠭᠠᠨ ᠪᠠᠢᠴᠠᠭᠠᠯᠳᠠ ᠪᠤᠶᠤ ᠪᠡᠶ᠎ᠡ᠎ᠶᠢᠨ ᠪᠠᠢᠴᠠᠭᠠᠯᠲᠠ᠎ᠳᠤ ᠬᠢᠷᠢ ᠲᠡᠩᠴᠡᠭᠰᠡᠨ ᠦᠭᠡᠢ᠂ ᠰᠠᠬᠢᠯᠭ᠎ᠠ ᠪᠠᠲᠤ᠎ᠶᠢᠨ ᠱᠠᠭᠠᠷᠳᠠᠯᠭ᠎ᠠ᠎ᠠᠴᠠ ᠵᠥᠷᠢᠴᠡᠵᠦ ᠰᠣᠩᠭᠣᠨ ᠲᠤᠬᠢᠷᠠᠭᠤᠯᠬᠤ ᠬᠢᠷᠢ ᠬᠡᠮ ᠵᠢᠨᠨ ᠬᠦᠴᠦᠨ ᠦᠭᠡᠢ ᠪᠣᠯᠭᠠᠭᠰᠠᠨ ᠵᠡᠷᠭᠡ ᠰᠢᠯᠲᠠᠭᠠᠨ᠎ᠠᠴᠠ ᠪᠣᠯᠵᠤ ᠭᠠᠷᠤᠭᠰᠠᠨ ᠬᠣᠭᠣᠰᠤᠨ ᠠᠵᠢᠯ᠎ᠤᠨ ᠪᠠᠢᠷᠢ᠎ᠵᠢ ᠠᠵᠢᠯ᠎ᠤᠨ ᠪᠣᠳᠠᠲᠠᠢ ᠪᠠᠢᠳᠠᠯ᠎ᠢ ᠦᠨᠳᠦᠰᠦᠯᠡᠨ ᠨᠥᠬᠥᠪᠦᠷᠢᠯᠡᠨ ᠡᠯᠰᠡᠨ᠎ᠡ᠃
ᠲᠥᠷᠥ᠎ᠶᠢᠨ ᠪᠣᠳᠣᠯᠭ᠎ᠠ᠎ᠶᠢᠨ ᠲᠤᠬᠠᠢ ᠠᠰᠠᠭᠤᠨ ᠯᠠᠪᠯᠠᠬᠤ ᠤᠲᠠᠰᠤ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠄
15354862635
13327126238
13384872878
ᠬᠥᠬᠡᠬᠣᠲᠠ᠎ᠶᠢᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ ᠄ 0471 — 4807708
ᠪᠤᠭᠤᠲᠤ ᠬᠣᠲᠠ᠎ᠶᠢᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ ᠄ 0472 — 6669290
ᠬᠥᠯᠥᠨ ᠪᠣᠶ᠋ᠢᠷ ᠬᠣᠲᠠ᠎ᠶᠢᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ ᠄ 0470 — 8776407
ᠬᠢᠩᠭᠠᠨ ᠠᠢᠮᠠᠭ᠎ᠤᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ ᠄ 0482 — 8267671
ᠲᠦᠩᠯᠢᠶᠣᠣ ᠬᠣᠲᠠ᠎ᠶᠢᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ ᠄ 0475 — 5776418
ᠤᠯᠠᠭᠠᠨᠬᠠᠳᠠ ᠬᠣᠲᠠ᠎ᠶᠢᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ ᠄ 0476 — 8364228
ᠰᠢᠯᠢ᠎ᠶᠢᠨ ᠭᠣᠣᠯ ᠠᠢᠮᠠᠭ᠎ᠤᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ ᠄ 0479 — 8162334
ᠤᠯᠠᠭᠠᠨᠴᠠᠪ ᠬᠣᠲᠠ᠎ᠶᠢᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ ᠄ 0474 — 8322027
ᠣᠷᠳᠣᠰ ᠬᠣᠲᠠ᠎ᠶᠢᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ ᠄ 0477 — 8988611
ᠪᠠᠶᠠᠨᠨᠠᠭᠤᠷ ᠬᠤᠳᠠ᠎ᠶᠢᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ ᠄ 0478 — 8565718
ᠦᠬᠠᠢ ᠬᠣᠲᠠ᠎ᠶᠢᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ ᠄ 0473 — 8991628
ᠠᠯᠠᠱᠠ ᠠᠢᠮᠠᠭ᠎ᠤᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ ᠄ 0483 — 8332382
ᠠᠰᠠᠭᠤᠨ ᠯᠠᠪᠯᠠᠬᠤ ᠴᠠᠭ᠄
2026 ᠣᠨ᠎ᠤ 5 ᠰᠠᠷ᠎ᠠ᠎ᠶᠢᠨ 19 ᠦ ᠡᠳᠦᠷ — 2026 ᠣᠨ᠎ᠤ 6 ᠰᠠᠷ᠎ᠠ᠎ᠶᠢᠨ 7 ᠤ ᠡᠳᠦᠷ
ᠦᠳᠡ ᠵᠢᠨ ᠡᠮᠦᠨ᠎ᠡ 9᠄ 00 — 12᠄ 00
ᠦᠳᠡ᠎ᠶᠢᠨ ᠬᠣᠢᠨ᠎ᠠ 14 30 — 17᠄ 30 (ᠪᠠᠶᠠᠷ ᠳᠤᠷᠠᠰᠬᠠᠯ᠎ᠤᠨ ᠡᠳᠦᠷ᠎ᠡᠴᠡ ᠭᠠᠳᠠᠨ᠎ᠠ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ
2026 ᠣᠨ᠎ᠤ 5 ᠰᠠᠷ᠎ᠠ᠎ᠶᠢᠨ 18 ᠤ ᠡᠳᠦᠷ
ᠲᠤᠰ ᠬᠣᠯᠪᠣᠭ᠋ᠠᠰᠤ᠎ᠶᠢ ᠲᠤᠪᠴᠢᠳᠠᠵᠤ ᠨᠠᠷᠢᠨ ᠠᠭᠤᠯᠭ᠎ᠠ ᠵᠢ ᠦᠵᠡᠭᠡᠷᠡᠢ!
ᠢᠷᠡᠯᠲᠡ᠄ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠰᠦᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃