ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-05-20 14:58:46

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

5 ᠰᠠᠷ᠎ᠠ᠎ᠶᠢᠨ 19᠎ᠦ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠲᠠᠨ᠎ᠤ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ ᠣᠯᠠᠨ ᠲᠦᠮᠡᠨ᠎ᠦ ᠪᠠᠢᠭᠤᠯᠭ᠎ᠠ (ᠠᠯᠪᠠᠲᠠᠨ᠎ᠤ ᠬᠠᠤᠯᠢ ᠪᠡᠷ ᠯᠠᠪᠯᠠᠯᠲᠠ ᠪᠤᠯᠭᠠᠨ ᠬᠠᠮᠢᠶᠠᠷᠬᠤ ᠨᠢᠭᠡᠴᠢ) ᠵᠢᠨ 2026 ᠣᠨ᠎ᠤ ᠠᠯᠪᠠᠲᠠᠨ᠎ᠡᠯᠰᠡᠬᠦ ᠰᠢᠯᠭᠠᠯᠲᠠ ᠵᠢᠨ ᠨᠢᠭᠤᠷᠲᠠᠨ ᠰᠢᠯᠭᠠᠬᠤ ᠬᠠᠮᠢᠶ᠎ᠠ ᠪᠦᠬᠦᠢ ᠠᠵᠢᠯ᠎ᠤᠨ ᠲᠤᠬᠠᠢ ᠠᠯᠪᠠᠨ ᠵᠠᠷᠯᠠᠯ》 ᠨᠡᠢᠲᠡᠯᠡᠪᠡ᠃

ᠲᠤᠰ ᠠᠯᠪᠠᠨ ᠵᠠᠷᠯᠠᠯ᠎ᠤᠨ ᠠᠭᠤᠯᠭ᠎ᠠ ᠵᠢ ᠦᠨᠳᠦᠰᠦᠯᠡᠪᠡᠯ᠂ ᠨᠢᠭᠤᠷᠲᠠᠨ ᠰᠢᠯᠭᠠᠯᠲᠠ 5 ᠰᠠᠷ᠎ᠠ᠎ᠶᠢᠨ 23᠎ᠤ ᠡᠳᠦᠷ᠎ᠡᠴᠡ ᠡᠬᠢᠯᠡᠵᠦ᠂ ᠰᠢᠯᠭᠠᠭᠤᠯᠤᠭ᠍ᠴᠢ 5 ᠰᠠᠷ᠎ᠠ᠎ᠶᠢᠨ 21᠎ᠦ ᠡᠳᠦᠷ᠎ᠦᠨ 18:00 ᠎ᠠᠴᠠ ᠡᠬᠢᠯᠡᠨ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠭᠠᠷᠴᠤ 《ᠨᠢᠭᠤᠷᠲᠠᠨ ᠰᠢᠯᠭᠠᠬᠤ ᠮᠡᠳᠡᠭᠳᠡᠯ᠎ᠦᠨ ᠪᠢᠴᠢᠭ》᠎ᠢ ᠳᠠᠷᠤᠮᠠᠯᠯᠠᠵᠤ ᠪᠣᠯᠣᠨ᠎ᠠ᠃

ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ (ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ᠎ᠶᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠷᠠᠭᠤᠨ ᠣᠷᠣᠨ᠎ᠤ ᠰᠢᠭᠤᠳ ᠬᠠᠷᠢᠶ᠎ᠠ ᠠᠩᠭᠢ᠂ ᠳᠠᠯᠠᠨ ᠬᠠᠷ᠎ᠠ ᠠᠭᠤᠯᠠ᠎ᠶᠢᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠬᠠᠮᠢᠶᠠᠷᠤᠯᠲᠠ᠎ᠶᠢᠨ ᠲᠣᠪᠴᠢᠶ᠎ᠠ)᠂ ᠳᠣᠲᠣᠭᠠᠳᠤ᠎ᠶᠢ ᠬᠠᠮᠠᠭᠠᠯᠠᠬᠤ ᠰᠢᠰᠲᠧᠮ (ᠳᠣᠲᠣᠭᠠᠳᠤ᠎ᠶᠢ ᠬᠠᠮᠠᠭᠠᠯᠠᠬᠤ ᠲᠢᠩᠬᠢᠮ᠎ᠦᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠲᠣᠪᠴᠢᠶ᠎ᠠ ᠵᠢᠨ ᠲᠦᠷᠭᠡᠨ᠎ᠤ ᠵᠠᠰᠠᠮᠠᠯ ᠵᠠᠮ᠎ᠤᠨ ᠰᠠᠯᠪᠤᠷᠢ ᠠᠩᠭᠢ᠂ ᠳᠠᠯᠠᠨ ᠬᠠᠷ᠎ᠠ ᠠᠭᠤᠯᠠ᠎ᠶᠢᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠂ ᠶᠡᠬᠡ ᠬᠢᠩᠭᠠᠨ ᠳᠠᠪᠠᠭ᠎ᠠ᠎ᠶᠢᠨ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠂ ᠠᠯᠪᠠᠳᠠᠯᠭ᠎ᠠ᠎ᠪᠠᠷ ᠡᠮᠴᠢᠯᠡᠭᠡ ᠬᠢᠵᠦ ᠡᠷᠡᠭᠦᠯᠵᠢᠭᠦᠯᠬᠦ ᠲᠥᠪ)᠂ ᠪᠠᠢᠴᠠᠭᠠᠬᠤ ᠬᠣᠷᠢᠶ᠎ᠠ᠎ᠶᠢᠨ ᠰᠢᠰᠲᠧᠮ (ᠥᠪᠡᠷᠲᠡᠭᠡᠨ ᠵᠠᠰᠠᠬᠤ ᠣᠷᠣᠨ᠎ᠤ ᠲᠠᠰ)᠂ ᠭᠢᠨᠳᠠᠨ᠎ᠤ ᠰᠢᠰᠲᠧᠮ᠂ ᠬᠣᠣᠷ ᠲᠠᠲᠠᠬᠤ᠎ᠶᠢ ᠵᠣᠭᠰᠤᠭᠠᠬᠤ ᠰᠢᠰᠲᠧᠮ (ᠥᠪᠡᠷᠲᠡᠭᠡᠨ ᠵᠠᠰᠠᠬᠤ ᠣᠷᠣᠨ᠎ᠤ ᠲᠠᠰ)᠎ᠤᠨ ᠠᠵᠢᠯ᠎ᠤᠨ ᠪᠠᠢᠷᠢ᠎ᠳᠤ ᠮᠡᠳᠡᠭᠦᠯᠦᠭᠰᠡᠳ᠎ᠤᠨ ᠨᠢᠭᠤᠷᠲᠠᠨ ᠰᠢᠯᠭᠠᠯᠲᠠ ᠵᠢ᠎ᠬᠥᠬᠡᠬᠣᠲᠠ᠎ᠳᠤ ᠨᠢᠭᠡᠳᠦᠯᠲᠡᠢ ᠶᠠᠪᠤᠬᠳᠠᠭᠤᠯᠤᠨ᠎ᠠ; ᠪᠤᠰᠤᠳ ᠠᠵᠢᠯ᠎ᠤᠨ ᠪᠠᠢᠷᠢ᠎ᠳᠤ ᠨᠡᠷ᠎ᠡ ᠮᠡᠳᠡᠭᠦᠯᠦᠭᠰᠡᠳ᠎ᠤᠨ ᠨᠢᠭᠤᠷᠳᠠᠨ ᠰᠢᠯᠭᠠᠯᠳᠠ ᠵᠢ ᠡᠯ᠎ᠡ ᠠᠢᠮᠠᠭ ᠬᠣᠲᠠ ᠎ᠶᠢᠨ ᠵᠠᠰᠠᠭ᠎ᠤᠨ ᠣᠷᠳᠣᠨ (ᠵᠠᠬᠢᠷᠭ᠎ᠠ)᠎ᠤ ᠪᠠᠢᠭ᠎ᠠ ᠭᠠᠵᠠᠷ᠎ᠲᠤ ᠶᠠᠪᠤᠬᠳᠠᠭᠤᠯᠤᠨ᠎ᠠ᠃ ᠪᠣᠳᠠᠲᠠᠢ ᠴᠠᠭ ᠪᠠ ᠭᠠᠵᠠᠷ᠎ᠢ 《ᠨᠢᠭᠤᠷᠳᠠᠨ ᠰᠢᠯᠭᠠᠬᠤ ᠮᠡᠳᠡᠭᠳᠡᠯ᠎ᠦᠨ ᠪᠢᠴᠢᠭ》 ᠡᠴᠡ ᠨᠠᠷᠢᠨ ᠦᠵᠡᠭᠡᠷᠡᠢ᠃

ᠰᠢᠯᠭᠠᠭᠤᠯᠤᠭ᠍ᠴᠢ ᠪᠡᠶ᠎ᠡ᠎ᠶᠢᠨ ᠦᠨᠡᠮᠯᠡᠯ ᠪᠠ 《ᠨᠢᠭᠤᠷᠲᠠᠨ ᠰᠢᠯᠭᠠᠬᠤ ᠮᠡᠳᠡᠭᠳᠡᠯ᠎ᠦᠨ ᠪᠢᠴᠢᠭ》᠎ᠢᠶᠡᠨ ᠠᠪᠴᠤ ᠨᠢᠭᠤᠷᠲᠠᠨ ᠰᠢᠯᠭᠠᠯᠲᠠ᠎ᠳᠤ ᠣᠷᠣᠯᠴᠠᠨ᠎ᠠ᠂ ᠨᠢᠭᠤᠷᠲᠠᠨ ᠰᠢᠯᠭᠠᠬᠤ ᠦᠶ᠎ᠡ᠎ᠳᠦ ᠡᠷᠬᠡᠪᠰᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ᠎ᠪᠡᠷ ᠬᠠᠷᠢᠭᠤᠯᠬᠤ ᠬᠡᠷᠡᠭᠳᠡᠢ᠃ ᠰᠢᠯᠭᠠᠯᠲᠠ᠎ᠶᠢᠨ ᠲᠠᠯᠠᠪᠤᠷ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠨ᠂ ᠴᠢᠮᠡᠭᠡ ᠨᠡᠪᠲᠡᠷᠡᠯᠭᠡ᠎ᠶᠢᠨ ᠲᠥᠬᠦᠭᠡᠷᠦᠮᠵᠢ ᠠᠪᠴᠤ ᠬᠤᠪᠢ ᠬᠥᠮᠥᠨ᠎ᠦ ᠮᠡᠳᠡᠭᠡ ᠵᠠᠩᠭᠢ᠎ᠪᠠᠨ ᠵᠠᠳᠠᠷᠠᠭᠤᠯᠬᠤ᠎ᠶᠢ ᠴᠢᠩᠭ᠎ᠠ ᠴᠠᠭᠠᠵᠠᠯᠠᠨ᠎ᠠ᠃ ᠰᠢᠯᠭᠠᠭᠤᠯᠤᠬᠴᠢ ᠨᠢᠭᠤᠷᠲᠠᠨ ᠰᠢᠯᠭᠠᠯᠲᠠ᠎ᠶᠢᠨ ᠬᠢᠷᠢ ᠪᠦᠲᠦᠮᠵᠢ᠎ᠪᠠᠨ ᠳᠠᠷᠠᠭ᠎ᠠ ᠡᠳᠦᠷ᠎ᠦᠨ 11:00 ᠎ᠠᠴᠠ ᠬᠤᠢᠰᠢ ᠪᠠᠢᠴᠠᠭᠠᠨ ᠯᠠᠪᠯᠠᠵᠤ ᠪᠣᠯᠣᠨ᠎ᠠ᠂ ᠶᠡᠷᠦᠩᠬᠡᠢ ᠬᠢᠷᠢ ᠪᠦᠲᠦᠮᠵᠢ ᠵᠢᠴᠢ ᠲᠠᠷᠠᠭᠠᠴᠢ᠎ᠶᠢᠨ ᠭᠣᠭᠴᠣᠭ᠎ᠠ᠎ᠳᠦ ᠤᠷᠤᠬᠰᠠᠨ ᠡᠰᠡᠭᠦ ᠵᠢ 5 ᠰᠠᠷ᠎ᠠ᠎ᠶᠢᠨ 30᠎ᠤ ᠡᠳᠦᠷ᠎ᠦᠨ 15:00 ᠎ᠠᠴᠠ ᠬᠣᠢᠰᠢ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠰᠦᠯᠵᠢᠶ᠎ᠡ ᠎ᠳᠦ ᠭᠠᠷᠴᠤ ᠪᠠᠢᠴᠠᠭᠠᠨ ᠯᠠᠪᠯᠠᠵᠤ ᠪᠣᠯᠣᠨ᠎ᠠ᠃

ᠢᠷᠡᠯᠲᠡ᠄ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠰᠦᠯᠵᠢᠶ᠎ᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ ᠭᠤᠸᠠᠩ

ᠣᠷᠴᠢᠭᠤᠯᠤᠭ᠍ᠴᠢ᠄

ᠢᠷᠡᠯᠲᠡ᠄
兼容浏览器的HTML页面