ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-05-25 11:55:52

ᠵᠣᠬᠢᠶᠠᠭ᠍ᠴᠢ᠄ ᠯᠢ ᠭᠦᠸᠧ ᠫᠢᠩ ᠣᠩᠱᠢᠭ᠍ᠰᠠᠨ ᠣᠳᠠᠭ᠎ᠠ᠄

ᠮᠢᠬᠠᠨ ᠪᠦᠲᠦᠭᠡᠭᠳᠡᠬᠦᠨ᠎ᠦ ᠬᠦᠷᠢᠶᠡᠨ᠎ᠳᠡᠬᠢ ᠬᠤᠳᠠᠯ ᠬᠠᠭᠤᠷᠮᠠᠭ ᠴᠢᠨᠠᠷ ᠮᠠᠭᠤᠲᠠᠢ ᠮᠢᠬ᠎ᠠ ᠦᠢᠯᠡᠳᠪᠦᠷᠢᠯᠡᠨ ᠪᠣᠷᠣᠯᠠᠭᠤᠯᠬᠤ ᠬᠠᠤᠯᠢ ᠲᠣᠭᠲᠠᠭᠠᠯ᠎ᠠᠴᠠ ᠵᠥᠷᠢᠴᠡᠭᠰᠡᠨ ᠡᠮᠬᠢ ᠵᠠᠮᠪᠠᠷᠠᠭ᠎ᠠ ᠦᠭᠡᠢ ᠪᠠᠢᠳᠠᠯ᠎ᠳᠤ ᠴᠢᠩᠭ᠎ᠠ ᠴᠣᠬᠢᠯᠲᠠ ᠥᠭᠬᠦ᠎ᠶᠢᠨ ᠲᠥᠯᠥᠭᠡ᠂ 5 ᠰᠠᠷ᠎ᠠ᠎ᠶᠢᠨ 20᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠤᠪᠴᠢᠶ᠎ᠠ ᠨᠡᠢᠭᠡᠮ ᠨᠡᠶ᠋ᠢᠲᠡ᠎ᠡᠴᠡ ᠮᠢᠬᠠᠨ ᠪᠦᠲᠦᠭᠡᠭᠳᠡᠬᠦᠨ᠎ᠦ ᠬᠦᠷᠢᠶᠡᠨ᠎ᠳᠡᠬᠢ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢᠨ ᠰᠦᠪᠡᠭᠴᠢ᠎ᠶᠢ ᠢᠯᠡ᠎ᠪᠡᠷ ᠴᠤᠭᠯᠠᠭᠤᠯᠵᠤ᠂ ᠨᠡᠢᠭᠡᠮ᠎ᠦᠨ ᠬᠦᠴᠦᠨ᠎ᠢ ᠥᠷᠭᠡᠨ᠎ᠢᠶᠡᠷ ᠳᠠᠶ᠋ᠢᠴᠢᠯᠠᠨ ᠢᠳᠡᠭᠡᠨ᠎ᠦ ᠠᠮᠤᠷ ᠲᠦᠪᠰᠢᠨ᠎ᠢ ᠬᠠᠮᠲᠤ᠎ᠪᠠᠷ ᠵᠠᠰᠠᠬᠤ᠎ᠳᠤ ᠣᠷᠣᠯᠴᠠᠭᠤᠯᠵᠤ ᠪᠤᠢ᠃

ᠰᠦᠪᠡᠭᠴᠢ ᠴᠤᠭᠯᠠᠭᠤᠯᠬᠤ ᠬᠡᠪᠴᠢᠶ᠎ᠡ ᠨᠢ ᠮᠢᠬᠠᠨ ᠪᠦᠲᠦᠭᠡᠭᠳᠡᠬᠦᠨ ᠦᠢᠯᠡᠳᠪᠦᠷᠢᠯᠡᠬᠦ᠂ ᠡᠳ᠋ᠰᠢᠭᠦᠯᠬᠦ᠂ ᠭᠦᠢᠯᠭᠡᠭᠡᠬᠦ᠂ ᠰᠦᠯᠵᠢᠶᠡᠨ ᠳᠡᠭᠡᠷ᠎ᠡ ᠪᠣᠷᠣᠯᠠᠭᠤᠯᠬᠤ ᠪᠥᠬᠥ ᠬᠡᠯᠬᠢᠶ᠎ᠡ᠎ᠶᠢ ᠬᠠᠮᠤᠷᠴᠤ᠂ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠲᠣᠳᠣᠷᠬᠠᠢᠯᠠᠪᠠ᠄ ᠢᠳᠡᠭᠡᠨ᠎ᠦ ᠦᠢᠯᠡᠳᠪᠦᠷᠢᠯᠡᠯ ᠡᠵᠡᠩᠨᠡᠯᠲᠡ᠎ᠶᠢᠨ ᠨᠢᠭᠡᠴᠢ ᠪᠠᠷᠠᠭ᠎ᠠ ᠣᠷᠣᠭᠤᠯᠬᠤ ᠪᠠᠢᠴᠠᠭᠠᠨ ᠰᠢᠯᠭᠠᠬᠤ ᠳᠦᠷᠢᠮ᠎ᠢ ᠨᠠᠢᠳᠠᠪᠤᠷᠢᠵᠢᠭᠤᠯᠤᠭᠰᠠᠨ ᠦᠭᠡᠢ᠂ ᠢᠷᠡᠯᠲᠡ ᠨᠢ ᠲᠣᠳᠣᠷᠬᠠᠢ ᠦᠭᠡᠢ᠂ ᠪᠠᠢᠴᠠᠭᠠᠨ ᠰᠢᠯᠭᠠᠵᠤ ᠬᠢᠵᠢᠭ ᠪᠠᠢᠴᠠᠭᠠᠯᠭᠠᠭᠰᠠᠨ ᠦᠭᠡᠢ ᠪᠤᠶᠤ ᠬᠢᠷᠢ ᠲᠡᠩᠴᠡᠬᠦ ᠦᠭᠡᠢ ᠲᠦᠭᠦᠬᠡᠢ ᠮᠠᠲᠧᠷᠢᠶᠠᠯ᠎ᠲᠠᠢ ᠮᠢᠬ᠎ᠠ᠎ᠶᠢ ᠪᠤᠰᠤᠳ ᠮᠠᠯ ᠵᠢᠭᠦᠷᠲᠡᠨ᠎ᠦ ᠮᠢᠬ᠎ᠠ ᠪᠡᠷ ᠦᠬᠡᠷ ᠬᠣᠨᠢᠨ ᠮᠢᠬ᠎ᠠ᠂ ᠡᠯᠵᠢᠭᠡᠨ ᠮᠢᠬ᠎ᠠ ᠵᠢ ᠤᠷᠤᠯᠠᠭᠤᠯᠵᠤ᠂ ᠬᠢᠮᠳᠠ ᠮᠢᠬ᠎ᠠ᠎ᠪᠠᠷ ᠥᠨᠳᠥᠷ ᠦᠨ᠎ᠡ᠎ᠶᠢᠨ ᠮᠢᠬ᠎ᠠ᠎ᠶᠢ ᠣᠷᠣᠯᠠᠭᠤᠯᠵᠤ ᠡᠳ᠋ᠰᠢᠭᠦᠯᠦᠨ ᠪᠣᠷᠣᠯᠠᠭᠤᠯᠤᠭᠰᠠᠨ︔ ᠬᠡᠪᠴᠢᠶ᠎ᠡ᠂ ᠬᠡᠮᠵᠢᠶ᠎ᠡ᠎ᠡᠴᠡ ᠨᠢ ᠬᠡᠲᠦᠷᠡᠭᠦᠯᠦᠨ ᠢᠳᠡᠭᠡᠨ᠎ᠦ ᠨᠡᠮᠡᠯᠲᠡ ᠡᠳ᠋᠎ᠢ ᠬᠡᠷᠡᠭᠯᠡᠬᠦ ᠪᠤᠶᠤ ᠢᠳᠡᠭᠡᠨ᠎ᠦ ᠪᠤᠰᠤ ᠪᠣᠳᠠᠰ᠎ᠢ ᠨᠡᠮᠡᠬᠦ︔ᠦᠨᠡᠮᠯᠡᠯ ᠦᠭᠡᠢ᠂ ᠲᠣᠭᠲᠠᠭᠠᠯ᠎ᠳᠤ ᠨᠡᠢᠴᠡᠬᠦ ᠭᠠᠵᠠᠷ ᠲᠠᠯᠠᠪᠤᠷ ᠦᠭᠡᠢ᠎ᠪᠡᠷ ᠳᠤᠷ᠎ᠠ᠎ᠪᠠᠷ᠎ᠢᠶᠠᠨ ᠮᠢᠬᠠᠨ ᠪᠦᠲᠦᠭᠡᠭᠳᠡᠬᠦᠨ᠎ᠢ ᠡᠳ᠋ᠰᠢᠭᠦᠯᠦᠨ ᠪᠣᠷᠣᠯᠠᠭᠤᠯᠤᠭᠰᠠᠨ︔ᠭᠦᠢᠯᠭᠡᠭᠡᠨ᠎ᠦ ᠭᠣᠭᠴᠣᠭ᠎ᠠ᠎ᠳᠤ ᠱᠤᠰᠢᠭ᠎ᠠ ᠲᠡᠮᠳᠡᠭ᠎ᠢ ᠥᠭᠡᠷᠡᠲᠦᠭᠦᠯᠵᠦ᠂ ᠳᠣᠣᠷ᠎ᠠ ᠦᠨ᠎ᠡ᠎ᠶᠢᠨ ᠪᠣᠷᠴᠠ᠎ᠪᠠᠷ ᠪᠣᠷᠴᠠ᠎ᠶᠢ ᠣᠷᠣᠯᠠᠭᠤᠯᠤᠨ ᠪᠣᠷᠣᠯᠠᠭᠤᠯᠤᠭᠰᠠᠨ︔ᠰᠦᠯᠵᠢᠶᠡᠨ᠎ᠦ ᠰᠢᠭᠤᠳ ᠨᠡᠪᠲᠡᠷᠡᠭᠦᠯᠭᠡ᠎ᠶᠢᠨ ᠲᠠᠰᠤᠭ᠂ ᠰᠦᠯᠵᠢᠶᠡᠨ ᠳᠡᠭᠡᠷᠡᠬᠢ ᠲᠠᠪᠴᠠᠩ ᠨᠢ ᠡᠵᠡᠩᠨᠡᠯᠲᠡ᠎ᠶᠢᠨ ᠭᠣᠣᠯ ᠴᠣᠭᠴᠠ᠎ᠶᠢᠨ ᠮᠡᠳᠡᠭᠡ ᠵᠠᠩᠭᠢ᠎ᠶᠢ ᠨᠡᠶ᠋ᠢᠲᠡ᠎ᠳᠦ ᠵᠠᠷᠯᠠᠭᠰᠠᠨ ᠦᠭᠡᠢ᠂ ᠪᠣᠷᠤᠯᠠᠭᠤᠯᠭ᠎ᠠ᠎ᠶᠢᠨ ᠮᠡᠳᠡᠭᠡ ᠵᠠᠩᠭᠢ ᠨᠢ ᠪᠣᠳᠠᠲᠤ ᠡᠳ᠋᠎ᠲᠠᠢ᠎ᠪᠡᠨ ᠨᠡᠢᠴᠡᠬᠦ ᠦᠭᠡᠢ᠂ ᠬᠤᠳᠠᠯ ᠬᠠᠭᠤᠷᠮᠠᠭ ᠴᠢᠨᠠᠷ ᠮᠠᠭᠤ ᠮᠢᠬᠠᠨ ᠪᠦᠲᠦᠭᠡᠭᠳᠡᠬᠦᠨ ᠬᠤᠳᠠᠯᠳᠤᠭᠰᠠᠨ ᠦᠶ᠋ᠯᠡ ᠠᠵᠢᠯᠯᠠᠭ᠎ᠠ︔ᠡᠯ᠎ᠡ ᠲᠥᠷᠥᠯ᠎ᠦᠨ ᠮᠢᠬᠠᠨ ᠪᠦᠲᠦᠭᠡᠭᠳᠡᠬᠦᠨ᠎ᠦ ᠬᠦᠷᠢᠶᠡᠨ᠎ᠳᠡᠬᠢ《ᠬᠠᠷ᠎ᠠ ᠦᠢᠯᠡᠳᠪᠦᠷᠢ》《ᠬᠠᠷ᠎ᠠ ᠦᠢᠯᠡᠳᠬᠡᠯ》《ᠬᠠᠷ᠎ᠠ ᠡᠭᠦᠷ》ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠬᠤ ᠠᠵᠢᠯᠯᠠᠭ᠎ᠠ︔ᠠᠵᠤ ᠦᠢᠯᠡᠳᠪᠦᠷᠢ᠎ᠶᠢᠨ ᠲᠠᠪᠠᠷᠬᠠᠢ᠂ ᠠᠵᠤ ᠦᠢᠯᠡᠳᠪᠦᠷᠢ᠎ᠶᠢᠨ ᠢᠳᠡᠮᠡᠬᠡᠢ ᠱᠦᠯᠲᠦ᠂ ᠬᠣᠣᠰ ᠬᠦᠴᠢᠯᠲᠥ᠋ᠷᠥᠭᠴᠢᠲᠦ ᠤᠰᠤ ᠵᠡᠷᠭᠡ ᠢᠳᠡᠭᠡᠨ᠎ᠦ ᠪᠤᠰᠤ ᠪᠣᠳᠠᠰ ᠵᠢᠡᠷ ᠭᠡᠳᠡᠰᠦ ᠳᠤᠲᠤᠷ᠂ ᠲᠤᠯᠤᠭᠠᠢ ᠰᠢᠭᠢᠷ᠎ᠡ ᠵᠢ ᠡᠳ᠋ᠰᠢᠭᠦᠯᠦᠭᠰᠡᠨ ᠵᠢᠴᠢ ᠪᠤᠰᠤᠳ ᠮᠢᠬᠠᠨ ᠪᠦᠲᠦᠭᠡᠭᠳᠡᠬᠦᠨ᠎ᠦ ᠬᠦᠷᠢᠶᠡᠨ᠎ᠳᠡᠬᠢ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠃

ᠣᠢᠯᠠᠭᠠᠭᠰᠠᠨ᠎ᠢᠶᠠᠷ ᠂ ᠲᠣᠰ ᠤᠳᠠᠭᠠᠨ᠎ᠤ ᠰᠦᠪᠡᠭᠴᠢ ᠴᠤᠭᠯᠠᠭᠤᠯᠬᠤ ᠴᠠᠭ ᠨᠢ ᠲᠣᠰ ᠡᠳᠦᠷ᠎ᠡᠴᠡ ᠡᠬᠢᠯᠡᠨ 2026 ᠣᠨ᠎ᠤ 11 ᠰᠠᠷ᠎ᠠ᠎ᠶᠢᠨ ᠡᠴᠦᠰ ᠬᠦᠷᠦᠨ᠎ᠡ᠃ ᠰᠦᠪᠡᠭᠴᠢ᠎ᠶᠢ ᠬᠠᠷᠭᠤᠭᠤᠯᠤᠨ ᠪᠠᠢᠴᠠᠭᠠᠬᠤ᠎ᠳᠤ ᠲᠤᠢᠯ᠎ᠤᠨ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠠᠢᠬᠤ᠎ᠶᠢ ᠪᠠᠲᠤᠯᠠᠬᠤ᠎ᠶᠢᠨ ᠲᠥᠯᠥᠭᠡ᠂ ᠢᠯᠡᠴᠢᠯᠡᠨ ᠮᠡᠳᠡᠭᠦᠯᠦᠭᠰᠡᠨ ᠰᠦᠪᠡᠭᠴᠢ᠎ᠳᠦ ᠬᠠᠤᠯᠢ᠎ᠠᠴᠠ ᠵᠥᠷᠢᠴᠡᠭᠰᠡᠨ ᠴᠠᠭ᠂ ᠬᠡᠷᠡᠭ ᠭᠠᠷᠤᠭᠰᠠᠨ ᠪᠣᠳᠠᠲᠠᠢ ᠭᠠᠵᠠᠷ᠂ ᠬᠡᠷᠡᠭ ᠶᠠᠪᠤᠳᠠᠯ᠎ᠳᠤ ᠬᠣᠯᠪᠣᠭᠳᠠᠭᠰᠠᠨ ᠡᠵᠡᠩᠨᠡᠯᠲᠡ᠎ᠶᠢᠨ ᠭᠣᠣᠯ ᠴᠣᠭᠴᠠ᠎ᠶᠢᠨ ᠪᠦᠬᠦᠯᠢ ᠨᠡᠷᠡᠢᠳᠦᠯ᠎ᠢ ᠲᠣᠳᠣᠷᠬᠠᠢᠯᠠᠵᠤ᠂ ᠲᠤᠬᠠᠢ᠎ᠶᠢᠨ ᠲᠠᠯᠠᠪᠠᠶ᠎ᠶᠢᠨ ᠬᠡᠷᠡᠯ ᠵᠢᠷᠤᠭ᠂ ᠸᠢᠳᠢᠤ᠋ ᠪᠢᠴᠢᠯᠭᠡ ᠵᠡᠷᠭᠡ ᠭᠡᠷᠡᠴᠢ ᠮᠠᠲᠧᠷᠢᠶᠠᠯ᠎ᠢ ᠵᠡᠷᠭᠡᠪᠡᠷ ᠳᠠᠭᠠᠯᠳᠤᠭᠤᠯᠵᠤ ᠪᠣᠯᠣᠨ᠎ᠠ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠡᠴᠡ ᠪᠦᠲᠦᠮᠵᠢᠲᠡᠶ ᠰᠦᠪᠡᠭᠴᠢ᠎ᠶᠢ ᠬᠠᠤᠯᠢ ᠶᠣᠰᠣᠭᠠᠷ ᠬᠠᠷᠭᠤᠭᠤᠯᠤᠨ ᠪᠠᠢᠴᠠᠭᠠᠵᠤ᠂ ᠴᠢᠩᠭ᠎ᠠ ᠰᠢᠢᠳᠪᠦᠷᠢᠯᠡᠨ᠎ᠡ᠃ ᠬᠡᠷᠡᠭᠯᠡᠭᠴᠢᠳ 12315 ᠢᠯᠡᠴᠢᠯᠡᠨ ᠮᠡᠳᠡᠭᠦᠯᠵᠦ ᠵᠠᠭᠠᠯᠳᠤᠬᠤ ᠤᠲᠠᠰᠤ᠂ ᠪᠥᠬᠥ ᠤᠯᠤᠰ᠎ᠤᠨ 12315 ᠠᠯᠪᠠᠨ ᠲᠠᠪᠴᠠᠩ᠎ᠢᠶᠠᠷ ᠬᠠᠤᠯᠢ ᠵᠥᠷᠢᠴᠡᠭᠰᠡᠳ᠎ᠤᠨ ᠰᠦᠪᠡᠭᠴᠢ ᠵᠢ ᠲᠤᠰᠢᠶᠠᠵᠤ ᠪᠣᠯᠣᠨ᠎ᠠ᠃ ᠮᠢᠬᠠᠨ ᠢᠳᠡᠭᠡᠨ ᠦᠢᠯᠡᠳᠪᠦᠷᠢᠯᠡᠵᠦ ᠡᠵᠡᠩᠨᠡᠬᠦ ᠠᠵᠢᠯ ᠲᠥᠷᠥᠯ᠎ᠦᠨ ᠠᠵᠢᠯᠯᠠᠭᠰᠠᠳ ᠮᠢᠬᠠᠨ᠎ᠤ ᠢᠷᠡᠯᠲᠡ᠎ᠶᠢᠨ ᠴᠢᠨᠠᠷᠲᠠᠢ ᠬᠠᠭᠤᠷᠮᠠᠭ ᠦᠢᠯᠡᠳᠭᠡᠯ᠂ ᠲᠦᠭᠦᠬᠡᠢ ᠮᠠᠲᠧᠷᠢᠶᠠᠯ ᠨᠢ ᠬᠢᠷᠢ ᠲᠡᠩᠴᠡᠬᠦ ᠦᠭᠡᠢ᠂ ᠬᠠᠤᠯᠢ ᠪᠤᠰᠤ᠎ᠪᠠᠷ ᠶᠠᠭᠤᠮ᠎ᠠ ᠨᠡᠮᠡᠬᠦ ᠵᠡᠷᠭᠡ ᠠᠵᠢᠯ ᠲᠥᠷᠥᠯ᠎ᠦᠨ ᠳᠣᠲᠣᠭᠠᠳᠤ᠎ᠶᠢᠨ ᠬᠠᠤᠯᠢ᠎ᠠᠴᠠ ᠵᠥᠷᠢᠴᠡᠭᠰᠡᠨ ᠰᠦᠪᠡᠭᠴᠢ᠎ᠶᠢ ᠡᠵᠡᠮᠰᠢᠪᠡᠯ᠂ 《ᠪᠦᠬᠦ ᠤᠯᠤᠰ᠎ᠤᠨ ᠢᠳᠡᠭᠡᠨ᠎ᠦ ᠠᠶᠤᠯ ᠦᠭᠡᠢ᠎ᠶᠢᠨ ᠳᠣᠲᠣᠭᠠᠳᠤ᠎ᠶᠢᠨ ᠪᠠᠢᠳᠠᠯ᠎ᠢ ᠮᠡᠳᠡᠭᠴᠢ᠎ᠶᠢᠨ ᠢᠯᠡᠴᠢᠯᠡᠨ ᠮᠡᠳᠡᠭᠦᠯᠬᠦ ᠰᠢᠰᠲᠧᠮ》᠎ᠦᠨ ᠲᠤᠰᠬᠠᠢ ᠵᠦᠢᠯ᠎ᠦᠨ ᠠᠷᠭ᠎ᠠ ᠵᠠᠮ᠎ᠢᠶᠠᠷ ᠢᠯᠡᠴᠢᠯᠡᠨ ᠮᠡᠳᠡᠭᠦᠯᠵᠦ ᠪᠣᠯᠣᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ ᠭᠤᠸᠠᠩ

ᠣᠷᠴᠢᠭᠤᠯᠤᠭ᠍ᠴᠢ᠄

ᠢᠷᠡᠯᠲᠡ᠄
兼容浏览器的HTML页面