ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-05-25 16:20:26

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

ᠮᠠᠨ᠎ᠤ ᠤᠯᠤᠰ ᠪᠦᠬᠦ᠌ ᠤᠯᠤᠰ᠎ᠤᠨ ᠨᠢᠭᠡᠳᠦᠯᠲᠡᠶ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠢ ᠲᠦᠷᠭᠡᠳᠬᠡᠨ ᠪᠠᠶ᠋ᠢᠭᠤᠯᠵᠤ᠂ ᠡᠨᠧᠷᠭᠢ᠎ᠶᠢᠨ ᠪᠦᠲᠦᠴᠡ᠎ᠶᠢᠨ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠵᠤ ᠪᠠᠶ᠋ᠢᠭ᠎ᠠ ᠠᠬᠤᠶ ᠪᠠᠶ᠋ᠢᠳᠠᠯ ᠳᠣᠣᠷ᠎ᠠ᠂ ᠣᠷᠭᠢᠯ ᠦᠶ᠎ᠡ᠎ᠶᠢ ᠵᠥᠷᠢᠭᠦᠯᠦᠭᠰᠡᠨ ᠪᠤᠭᠢᠷᠳᠤᠯ ᠦᠭᠡᠢ ᠴᠠᠬᠢᠯᠭᠠᠨ᠎ᠤ ᠠᠷᠠᠯᠵᠢᠶ᠎ᠠ᠎ᠶᠢᠨ ᠰᠢᠨ᠎ᠡ᠎ᠶᠢ ᠡᠭᠦᠳᠬᠦ᠌ ᠵᠠᠭᠪᠤᠷ ᠶᠠᠭ ᠲᠦᠷᠭᠡᠨ ᠠᠬᠢᠵᠤ ᠪᠠᠶ᠋ᠢᠨ᠎ᠠ᠃ ᠰᠤᠷᠪᠤᠯᠵᠢᠯᠠᠭᠴᠢ ᠤᠯᠤᠰ᠎ᠤᠨ ᠴᠠᠬᠢᠯᠭᠠᠨ ᠲᠤᠤᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠬᠦᠴᠦᠨ᠎ᠦ ᠬᠢᠵᠠᠭᠠᠷᠲᠤ᠌ ᠺᠣᠮᠫᠠᠨᠢ᠎ᠠᠴᠠ ᠣᠶ᠋ᠢᠯᠠᠭᠠᠭᠰᠠᠨ᠎ᠢᠶᠠᠷ᠂ ᠣᠲᠣ ᠪᠣᠯᠲᠠᠯ᠎ᠠ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠲᠤᠤᠷ᠎ᠤᠨ ᠣᠷᠭᠢᠯ᠎ᠦᠶ᠎ᠡ᠎ᠶᠢ ᠵᠥᠷᠢᠭᠦᠯᠦᠭᠰᠡᠨ ᠪᠤᠭᠢᠷᠳᠤᠯ ᠦᠭᠡᠢ ᠴᠠᠬᠢᠯᠭᠠᠨ᠎ᠤ ᠠᠷᠠᠯᠵᠢᠶ᠎ᠠ᠎ᠶᠢᠨ ᠭᠡᠷ᠎ᠡ ᠲᠤᠬᠲᠠᠬᠰᠠᠨ ᠴᠠᠬᠢᠯᠭᠠᠨ ᠎ᠤ ᠬᠡᠮᠵᠢᠶ᠎ᠡ ᠨᠡᠶ᠋ᠢᠲᠡ 30 ᠳ᠋ᠦᠩᠰᠢᠭᠤᠷ ᠺᠢᠯᠦᠸᠠᠲ ᠴᠠᠭ ᠪᠠᠢᠵᠦ᠂ ᠨᠢᠭᠡᠨᠲᠡ ᠬᠡᠷᠡᠭᠵᠢᠭᠦᠯᠦᠭᠰᠡᠨ ᠴᠠᠬᠢᠯᠭᠠᠨ᠎ᠤ ᠬᠡᠮᠵᠢᠶ᠎ᠡ 20.37 ᠳ᠋ᠦᠩᠰᠢᠭᠤᠷ ᠺᠢᠯᠦᠸᠠᠲ ᠴᠠᠭ᠎ᠲᠦ ᠬᠦᠷᠴᠡᠢ᠃

ᠣᠷᠭᠢᠯ᠎ᠦᠶ᠎ᠡ᠎ᠶᠢ ᠵᠥᠷᠢᠭᠦᠯᠦᠭᠰᠡᠨ ᠪᠤᠭᠢᠷᠳᠤᠯ ᠦᠭᠡᠢ ᠴᠠᠬᠢᠯᠭᠠᠨ᠎ᠤ ᠠᠷᠠᠯᠵᠢᠶ᠎ᠠ᠎ᠶᠢ ᠳᠥᠭᠥᠮᠴᠢᠯᠡᠭᠡᠳ ᠬᠡᠯᠡᠪᠡᠯ ᠳᠠᠷᠤᠶ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠬᠤᠭᠤᠴᠠᠭᠠᠨ᠎ᠤ 《ᠴᠠᠬᠢᠯᠭᠠᠨ ᠬᠡᠷᠡᠭᠯᠡᠬᠦ᠌ ᠬᠡᠷᠡᠭᠴᠡᠭᠡ》 ᠪᠣᠯᠤᠨ 《ᠰᠢᠨ᠎ᠡ ᠡᠨᠧᠷᠭᠢ᠎ᠶᠢᠨ ᠴᠠᠬᠢᠯᠭᠠᠨ ᠭᠠᠷᠭᠠᠯᠲᠠ᠎ᠠᠴᠠ ᠬᠦᠴᠦ᠍ ᠭᠠᠷᠭᠠᠬᠤ》 ᠵᠢᠨ ᠬᠣᠭᠣᠷᠣᠨᠳᠣᠬᠢ ᠣᠷᠣᠨ ᠵᠠᠶ᠎ᠶᠢᠨ ᠵᠥᠷᠢᠶ᠎ᠡ ᠪᠣᠯᠤᠨ ᠴᠠᠭ᠎ᠤᠨ ᠵᠥᠷᠢᠶ᠎ᠡ᠎ᠶᠢ ᠠᠰᠢᠭᠯᠠᠨ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠎ᠢᠶᠠᠷ ᠨᠢᠭᠡ ᠭᠠᠵᠠᠷ᠎ᠤᠨ ᠢᠯᠡᠭᠦᠴᠡ ᠪᠤᠭᠢᠷᠳᠤᠯ ᠦᠭᠡᠢ ᠴᠠᠬᠢᠯᠭᠠᠨ᠎ᠢ ᠨᠥᠭᠥᠭᠡ ᠭᠠᠵᠠᠷ᠎ᠤᠨ ᠴᠠᠬᠢᠯᠭᠠᠨ ᠬᠡᠷᠡᠭᠯᠡᠬᠦ᠌ ᠴᠢᠬᠤᠯᠠᠲᠠᠶ ᠭᠠᠵᠠᠷ᠎ᠲᠤ᠌ ᠬᠦᠷᠭᠡᠨ᠎ᠡ᠃

ᠮᠠᠨ᠎ᠤ ᠤᠯᠤᠰ᠎ᠤᠨ ᠰᠢᠨ᠎ᠡ ᠡᠨᠧᠷᠭᠢ᠎ᠶᠢᠨ ᠴᠠᠬᠢᠯᠭᠠᠨ ᠭᠠᠷᠭᠠᠯᠲᠠ᠎ᠳᠤ ᠪᠠᠶ᠋ᠢᠭᠠᠯᠢ᠎ᠶᠢᠨ 《ᠴᠠᠭ᠎ᠤᠨ ᠵᠥᠷᠢᠶ᠎ᠡ》 ᠣᠷᠣᠰᠢᠵᠤ ᠪᠣᠶ᠄ ᠬᠡᠷᠡᠯᠴᠢ ᠴᠡᠨᠡᠭ ᠨᠢ ᠦᠳᠡ ᠳ᠋ᠦ ᠶᠡᠬᠡ᠎ᠪᠡᠷ ᠡᠭᠦᠰᠴᠦ᠍᠂ ᠰᠠᠯᠬᠢᠨ ᠬᠦᠴᠦᠨ᠎ᠦ ᠴᠠᠬᠢᠯᠭᠠᠨ᠎ᠨᠢ ᠰᠡᠭᠦᠯ᠎ᠦᠨ ᠬᠠᠭᠠᠰ ᠰᠥᠨᠢ᠎ᠳᠦ ᠬᠦᠴᠦᠲᠡᠶ ᠪᠠᠶ᠋ᠢᠳᠠᠭ᠂ ᠭᠡᠪᠡᠴᠦ᠍ ᠡᠨᠡ ᠦᠶ᠎ᠡ᠎ᠳᠦ ᠲᠣᠰ ᠭᠠᠵᠠᠷ᠎ᠤᠨ ᠴᠠᠬᠢᠯᠭᠠᠨ ᠭᠠᠷᠭᠠᠯᠲᠠ ᠶᠡᠷᠦ᠍ ᠨᠢ ᠳᠤᠤᠷ᠎ᠠ ᠬᠡᠮᠵᠢᠶᠡᠨ᠎ᠳᠦ ᠪᠠᠶ᠋ᠢᠳᠠᠭ᠃ ᠵᠡᠭᠦᠨ ᠬᠡᠰᠡᠭ ᠨᠢ ᠦᠳᠡ᠎ᠳᠦ ᠪᠠ ᠰᠥᠨᠢ᠎ᠳᠡᠭᠡᠨ ᠮᠥᠨ ᠴᠠᠬᠢᠯᠭᠠᠨ ᠬᠡᠷᠡᠭᠯᠡᠬᠦ᠌ ᠬᠡᠷᠡᠭᠴᠡᠭᠡ ᠶᠡᠬᠡ ᠪᠠᠶ᠋ᠢᠳᠠᠭ᠃ ᠣᠷᠭᠢᠯ ᠦᠶ᠎ᠡ ᠵᠢ ᠵᠥᠷᠢᠭᠦᠯᠬᠦ᠌ ᠪᠤᠭᠢᠷᠳᠤᠯ ᠦᠭᠡᠢ ᠴᠠᠬᠢᠯᠭᠠᠨ᠎ᠤ ᠠᠷᠠᠯᠵᠢᠶ᠎ᠠ ᠪᠣᠯ ᠶᠠᠭ ᠡᠨᠡ ᠬᠦ᠌ 《ᠴᠠᠭ ᠬᠤᠭᠤᠴᠠᠭ᠎ᠠ ᠪᠠ ᠣᠷᠣᠨ ᠵᠠᠶ᠎ᠶᠢᠨ ᠵᠦᠷᠢᠶ᠎ᠠ》 ᠵᠢ ᠰᠢᠢᠳᠪᠤᠷᠢᠯᠡᠭᠦ ᠵᠠᠩᠭᠢᠯᠠᠭ᠎ᠠ᠎ᠶᠢᠨ ᠲᠦᠯᠬᠢᠭᠦᠷ ᠮᠥᠨ᠃

2025 ᠣᠨ᠎ᠤ 2 ᠰᠠᠷ᠎ᠠ᠎ᠠᠴᠠ ᠡᠬᠢᠯᠡᠨ᠂ ᠤᠯᠤᠰ᠎ᠤᠨ ᠴᠠᠬᠢᠯᠭᠠᠨ ᠲᠤᠤᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠬᠦᠴᠦᠨ᠎ᠦ ᠬᠢᠵᠠᠭᠠᠷᠲᠤ᠌ ᠺᠣᠮᠫᠠᠨᠢ ᠣᠷᠣᠨ ᠠᠯᠤᠰᠯᠠᠭᠰᠠᠨ ᠪᠣᠬᠢᠷᠲᠤᠯ ᠥᠬᠡᠶ ᠴᠠᠬᠢᠯᠭᠠᠨ᠎ᠤ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ ᠰᠢᠰᠲ᠋ᠧᠮ᠎ᠢ ᠰᠢᠨ᠎ᠡ᠎ᠶᠢ ᠡᠭᠦᠳᠦᠨ ᠪᠠᠶ᠋ᠢᠭᠤᠯᠪᠠ᠃ ᠴᠠᠬᠢᠯᠭᠠᠨ ᠬᠤᠳᠠᠯᠳᠤᠨ ᠠᠪᠬᠤ ᠲᠠᠯ᠎ᠠ᠎ᠨᠢ ᠴᠠᠬᠢᠯᠭᠠᠨ ᠬᠡᠷᠡᠭᠯᠡᠬᠦ᠌ ᠪᠡᠯᠡᠳᠬᠡᠯ ᠱᠠᠭᠠᠷᠳᠠᠯᠭ᠎ᠠ᠎ᠪᠠᠨ ᠤᠷᠢᠳᠴᠢᠯᠠᠨ ᠮᠡᠳᠡᠭᠦᠯᠵᠦ᠍᠂ ᠲᠣᠬᠢᠷᠠᠭᠤᠯᠭ᠎ᠠ ᠡᠵᠡᠮᠰᠢᠯ᠎ᠦᠨ ᠲᠥᠪ᠎ᠨᠢ 10 ᠡᠳᠦᠷ᠎ᠦᠨ ᠳᠣᠲᠣᠷ᠎ᠠ ᠰᠢᠨ᠎ᠡ ᠡᠨᠧᠷᠭᠢ᠎ᠪᠡᠷ ᠬᠦᠴᠦᠨ ᠭᠠᠷᠭᠠᠬᠤ᠎ᠶᠢ ᠤᠷᠢᠳᠴᠢᠯᠠᠨ ᠮᠠᠭᠠᠳᠯᠠᠵᠤ᠂ ᠴᠠᠬᠢᠯᠭᠠᠨ ᠬᠡᠷᠡᠭᠯᠡᠬᠦ᠌ ᠲᠠᠯ᠎ᠠ᠂ ᠴᠠᠬᠢᠯᠭᠠᠨ ᠭᠠᠷᠭᠠᠬᠤ ᠲᠠᠯ᠎ᠠ᠎ᠨᠢ ᠣᠨᠣᠪᠴᠢᠲᠠᠶ ᠢᠵᠢᠯᠢᠰᠢᠬᠦ᠌᠎ᠶᠢ ᠪᠡᠶᠡᠯᠡᠭᠦᠯᠦᠨ᠎ᠡ᠃ ᠣᠳᠣᠬᠠᠨ᠎ᠳᠤ ᠨᠢᠭᠡᠨᠲᠡ 41 ᠪᠦᠯᠦᠭ ᠤᠳᠠᠭ᠎ᠠ᠎ᠶᠢᠨ ᠪᠤᠭᠢᠷᠳᠤᠯ ᠦᠭᠡᠢ ᠴᠠᠬᠢᠯᠭᠠᠨ ᠬᠦᠷᠭᠡᠬᠦ᠌ ᠠᠷᠠᠯᠵᠢᠶ᠎ᠠ᠎ᠶᠢ ᠥᠷᠨᠢᠭᠦᠯᠵᠦ᠍᠂ ᠴᠠᠬᠢᠯᠭᠠᠨ ᠭᠠᠷᠭᠠᠬᠤ 46 ᠠᠵᠤ ᠠᠬᠤᠶ᠋ᠢᠯᠠᠯ ᠣᠷᠣᠯᠴᠠᠵᠤ᠂ 17526 ᠬᠤᠪᠢ ᠴᠠᠬᠢᠯᠭᠠᠨ ᠬᠦᠷᠭᠡᠬᠦ᠌ ᠭᠡᠷ᠎ᠡ ᠲᠣᠭᠲᠠᠪᠠ᠃

ᠣᠷᠭᠢᠯ᠎ᠦᠶ᠎ᠡ᠎ᠶᠢ ᠵᠥᠷᠢᠭᠦᠯᠦᠭᠰᠡᠨ ᠪᠤᠭᠢᠷᠳᠤᠯ ᠦᠭᠡᠢ ᠴᠠᠬᠢᠯᠭᠠᠨ᠎ᠤ ᠠᠷᠠᠯᠵᠢᠶ᠎ᠠ᠎ᠶᠢᠨ ᠠᠵᠤ ᠠᠬᠤᠶ᠎ᠶᠢᠨ ᠦᠷ᠎ᠡ ᠠᠰᠢᠭ ᠢᠯᠡᠷᠬᠡᠶ᠃ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠲᠤᠤᠷ᠎ᠤᠨ ᠳᠤᠤᠷ᠎ᠠ ᠵᠠᠬ᠎ᠠ᠎ᠶᠢᠨ ᠴᠠᠬᠢᠯᠭᠠᠨ᠎ᠤ ᠦᠨ᠎ᠡ᠎ᠨᠢ ᠵᠥᠪᠬᠡᠨ ᠣᠷᠭᠢᠯ᠎ᠤᠨ ᠦᠶ᠎ᠡ᠎ᠶᠢᠨ 28% ᠪᠠᠶ᠋ᠢᠵᠤ᠂ ᠣᠷᠭᠢᠯ ᠦᠶ᠎ᠡ᠎ᠶᠢ ᠵᠥᠷᠢᠭᠦᠯᠦᠨ ᠠᠷᠠᠯᠵᠢᠶᠠᠯᠠᠬᠤ᠎ᠪᠠᠷ ᠳᠡᠮᠵᠢᠨ᠂ ᠴᠠᠬᠢᠯᠭᠠᠨ ᠭᠠᠷᠭᠠᠬᠤ ᠲᠠᠯ᠎ᠠ᠎ᠶᠢᠨ ᠲᠤᠤᠷ᠎ᠲᠤ᠌ ᠭᠠᠷᠬᠤ ᠳᠤᠮᠳᠠᠴᠢ ᠦᠨ᠎ᠡ᠎ᠨᠢ ᠲᠣᠰ ᠭᠠᠵᠠᠷ᠎ᠤᠨ᠎ᠬᠢ᠎ᠡᠴᠡ 1.5 ᠮᠦᠡᠭᠭᠦ / ᠭᠷᠠᠳᠦ᠋ᠰ ᠥᠨᠳᠥᠷ ᠪᠣᠯᠵᠣ᠂ ᠭᠥᠯᠢᠶᠡᠨ ᠠᠪᠬᠤ ᠲᠠᠯ᠎ᠠ᠎ᠶᠢᠨ ᠮᠤᠵᠢ᠎ᠶᠢᠨ ᠬᠡᠷᠡᠭᠯᠡᠬᠦ᠌ ᠴᠠᠬᠢᠯᠭᠠᠨ᠎ᠤ ᠳᠤᠮᠳᠠᠴᠢ ᠦᠨ᠎ᠡ᠎ᠨᠢ 1.8 ᠮᠦᠡᠭᠭᠦ / ᠭᠷᠠᠳᠦ᠋ᠰ ᠪᠠᠭᠤᠷᠠᠵᠤ᠂ ᠴᠠᠬᠢᠯᠭᠠᠨ ᠬᠡᠷᠡᠭᠯᠡᠬᠦ᠌ ᠠᠵᠤ ᠠᠬᠤᠶ᠋ᠢᠯᠠᠯ᠎ᠳᠤ ᠨᠡᠶ᠋ᠢᠲᠡ 5400 ᠲᠦᠮᠡᠨ ᠲᠥᠭᠥᠷᠢᠭ᠎ᠦᠨ ᠡᠨᠧᠷᠭᠢ ᠬᠡᠷᠡᠭᠯᠡᠬᠦ᠌ ᠥᠪᠡᠷ᠎ᠦᠨ ᠥᠷᠲᠡᠭ᠎ᠢ ᠪᠠᠭᠤᠷᠠᠭᠤᠯᠵᠤ᠂ ᠴᠠᠭᠢᠯᠭᠠᠨ ᠭᠠᠷᠭᠠᠬᠤ ᠬᠡᠷᠡᠭᠯᠡᠬᠦ᠌ ᠬᠣᠶᠠᠷ ᠲᠠᠯ᠎ᠠ᠎ᠶᠢᠨ ᠬᠤᠤᠰ ᠴᠢᠭᠯᠡᠯ᠎ᠢᠶᠡᠷ ᠠᠰᠢᠭ ᠭᠥᠷᠳᠡᠬᠦ᠌᠎ᠶᠢ ᠪᠡᠶᠡᠯᠡᠭᠦᠯᠪᠡ᠃

ᠢᠷᠡᠯᠲᠡ᠄ ᠰᠢᠨᠬᠤᠸᠠ ᠰᠦᠯᠵᠢᠶ᠎ᠠ ᠵᠢᠨ ᠦᠪᠦᠷ ᠮᠤᠡᠭᠭᠤᠯ ᠰᠤᠪᠠᠭ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ ᠭᠤᠸᠠᠩ

ᠣᠷᠴᠢᠭᠤᠯᠤᠭ᠍ᠴᠢ᠄

ᠢᠷᠡᠯᠲᠡ᠄
兼容浏览器的HTML页面