ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-05-25 18:02:49

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

5 ᠰᠠᠷ᠎ᠠ᠎ᠶᠢᠨ 22᠎ᠤᠨ ᠡᠳᠦᠷ᠂ ᠣᠯᠠᠨ ᠤᠯᠤᠰ᠎ᠤᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠣᠲᠠ᠎ᠶᠢᠨ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠵᠠᠰᠠᠭ᠎ᠤᠨ ᠣᠷᠳᠣᠨ᠂《ᠳᠠ ᠢ ᠰᠢᠶᠤᠤ ᠬᠤ᠌》 ᠠᠨᠠᠭᠠᠬᠤ ᠤᠬᠠᠭᠠᠨ᠎ᠤ ᠳᠠᠮᠵᠢᠭᠤᠯᠭ᠎ᠠ᠎ᠶᠢᠨ ᠣᠶᠤᠨ᠎ᠤ ᠬᠥᠮᠥᠷᠭᠡ ᠵᠢᠨ ᠬᠠᠮᠲᠤ᠎ᠪᠠᠷ ᠪᠠᠢᠭᠤᠯᠤᠭᠰᠠᠨ《ᠡᠮ ᠡᠮᠨᠡᠯᠭᠡ᠎ᠶᠢᠨ ᠨᠡᠭᠦᠷᠡᠰᠦᠲᠥ᠋ᠷᠥᠭᠴᠢ᠎ᠶᠢ ᠰᠠᠭᠠᠷᠮᠠᠭᠵᠢᠭᠤᠯᠬᠤ ᠠᠵᠢᠯᠯᠠᠭ᠎ᠠ》᠎ᠶᠢᠨ ᠠᠮᠢ ᠠᠬᠤᠢ᠎ᠶᠢᠨ ᠰᠡᠷᠭᠦᠭᠡᠯᠲᠡ᠎ᠶᠢᠨ ᠲᠠᠯ᠎ᠠ ᠨᠤᠲᠤᠭ᠎ᠢ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠳᠤ ᠵᠢᠩᠬᠢᠨᠢ᠎ᠪᠡᠷ ᠪᠠᠢᠭᠤᠯᠵᠤ᠂ ᠲᠦᠷᠦᠭᠦᠸ᠋ ᠪᠦᠯᠦᠭ᠎ᠦᠨ《ᠡᠮ ᠡᠮᠨᠡᠯᠭᠡ᠎ᠶᠢᠨ ᠨᠡᠭᠦᠷᠡᠰᠦᠲᠥ᠋ᠷᠥᠭᠴᠢ᠎ᠶᠢ ᠰᠠᠭᠠᠷᠮᠠᠭᠵᠢᠭᠤᠯᠬᠤ ᠠᠵᠢᠯᠯᠠᠭᠠᠨ᠎ᠤ ᠡᠪᠡᠰᠦᠨ ᠪᠢᠯᠧᠲ》᠎ᠢ ᠵᠡᠷᠭᠡ᠎ᠪᠡᠷ ᠨᠡᠢᠲᠡᠯᠡᠪᠡ᠃ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠲᠠᠯᠠᠢ ᠲᠠᠩᠭᠢᠰ᠎ᠤᠨ ᠬᠣᠶᠠᠳᠤᠭᠠᠷ ᠰᠤᠳᠤᠯᠭᠠᠨ᠎ᠤ ᠭᠠᠵᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠡᠪᠡᠰᠦ ᠪᠡᠯᠴᠢᠭᠡᠷ᠎ᠦᠨ ᠬᠢᠨᠠᠨ ᠬᠡᠮᠵᠢᠯᠲᠡ᠎ᠶᠢᠨ ᠲᠥᠯᠦᠪᠵᠢᠭᠦᠯᠭᠡ᠎ᠶᠢᠨ ᠬᠦᠷᠢᠶᠡᠯᠡᠩ᠂ ᠱᠠᠨᠳᠦ᠋ᠩ ᠮᠤᠵᠢ᠎ᠶᠢᠨ ᠸᠧᠢ ᠹᠠᠩ ᠬᠤᠳᠠ᠎ᠶᠢᠨ ᠲᠠᠯᠠᠢ ᠲᠠᠩᠭᠢᠰ᠎ᠤᠨ ᠬᠦᠭᠵᠢᠯᠲᠡ ᠬᠢᠭᠡᠳ ᠵᠢᠭᠠᠰᠤᠨ ᠦᠢᠯᠡᠰ᠎ᠤᠨ ᠲᠣᠪᠴᠢᠶ᠎ᠠ ᠵᠡᠷᠭᠡ ᠪᠦᠬᠦ ᠤᠯᠤᠰ᠎ᠤᠨ ᠡᠯ᠎ᠡ ᠭᠠᠵᠠᠷ᠎ᠤᠨ ᠠᠨᠠᠭᠠᠬᠤ ᠤᠬᠠᠭᠠᠨ᠂ ᠣᠷᠴᠢᠨ ᠲᠣᠭᠣᠷᠢᠨ᠂ ᠲᠠᠯᠠᠢ ᠲᠠᠩᠭᠢᠰ᠂ ᠤᠢ ᠰᠢᠭᠤᠢ ᠡᠪᠡᠰᠦ ᠪᠡᠯᠴᠢᠭᠡᠷ ᠵᠡᠷᠭᠡ ᠬᠦᠷᠢᠶᠡᠨ᠎ᠦ ᠵᠠᠭᠤ ᠭᠠᠷᠤᠢ ᠲᠥᠯᠥᠭᠡᠯᠡᠭᠴᠢ ᠠᠵᠢᠯᠯᠠᠭ᠎ᠠ᠎ᠳᠤ ᠣᠷᠣᠯᠴᠠᠭᠰᠠᠨ ᠪᠥᠭᠡᠳ ᠠᠮᠢ ᠠᠬᠤᠢ᠎ᠶᠢᠨ ᠰᠡᠷᠭᠦᠭᠡᠯᠲᠡ ᠵᠢᠨ ᠲᠠᠯ᠎ᠠ ᠨᠤᠲᠤᠭ᠎ᠢ ᠲᠣᠭᠣᠷᠢᠨ ᠦᠵᠡᠪᠡ᠃

ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤ ᠪᠣᠯ ᠮᠠᠨ᠎ᠤ ᠤᠯᠤᠰ᠎ᠤᠨ ᠠᠩᠬᠠᠳᠠᠭ᠍ᠴᠢ ᠪᠦᠯᠦᠭ 《ᠡᠪᠡᠰᠦᠨ ᠪᠢᠯᠧᠲ》᠎ᠤᠨ ᠳᠦᠷᠢᠮ᠎ᠦᠨ ᠲᠤᠷᠰᠢᠯᠲᠠ᠎ᠶᠢᠨ ᠭᠠᠵᠠᠷ ᠮᠥᠨ᠂ 《ᠳᠠ ᠢ ᠰᠢᠶᠤᠤ ᠬᠤ᠌》 ᠠᠨᠠᠭᠠᠬᠤ ᠤᠬᠠᠭᠠᠨ᠎ᠤ ᠳᠠᠮᠵᠢᠭᠤᠯᠭ᠎ᠠ᠎ᠶᠢᠨ ᠣᠶᠤᠨ᠎ᠤ ᠬᠥᠮᠥᠷᠭᠡ ᠪᠣᠯ ᠡᠮ ᠡᠮᠨᠡᠯᠭᠡ᠎ᠶᠢᠨ ᠰᠠᠢᠨ ᠳᠤᠷ᠎ᠠ᠎ᠵᠢᠨ ᠨᠡᠭᠦᠷᠡᠰᠦᠲᠥ᠋ᠷᠥᠭᠴᠢ᠎ᠶᠢ ᠰᠠᠭᠠᠷᠮᠠᠭᠵᠢᠭᠤᠯᠬᠤ ᠠᠵᠢᠯᠯᠠᠭ᠎ᠠ᠎ᠶᠢᠨ ᠰᠠᠨᠠᠭᠠᠴᠢᠯᠠᠭ᠍ᠴᠢ ᠮᠥᠨ᠃ ᠡᠮ ᠡᠮᠨᠡᠯᠭᠡ ᠵᠢᠨ ᠰᠠᠢᠨ ᠳᠤᠷ᠎ᠠ ᠵᠢᠨ ᠨᠡᠭᠦᠷᠡᠰᠦᠲᠥ᠋ᠷᠥᠭᠴᠢ᠎ᠶᠢ ᠰᠠᠭᠠᠷᠮᠠᠭᠵᠢᠭᠤᠯᠬᠤ ᠠᠵᠢᠯᠯᠠᠭ᠎ᠠ ᠪᠣᠯ ᠡᠮᠴᠢ ᠰᠤᠪᠢᠯᠠᠭ᠍ᠴᠢ᠂ ᠡᠪᠡᠳᠴᠢᠲᠡᠨ ᠪᠠ ᠨᠡᠢᠭᠡᠮ ᠨᠡᠶ᠋ᠢᠲᠡ᠎ᠶᠢᠨ ᠬᠢᠨ ᠰᠠᠢᠨ ᠳᠤᠷ᠎ᠠ᠎ᠠᠴᠠ᠎ᠪᠠᠨ ᠡᠪᠡᠰᠦ ᠳᠠᠷᠢᠬᠤ ᠪᠤᠶᠤ ᠨᠡᠭᠦᠷᠡᠰᠦᠲᠥ᠋ᠷᠥᠭᠴᠢ᠎ᠶᠢᠨ ᠬᠤᠷᠠᠮᠳᠤᠯ᠎ᠢ ᠬᠤᠳᠠᠯᠳᠤᠨ ᠠᠪᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠡᠮᠴᠢᠯᠡᠭᠡᠨ᠎ᠦ ᠶᠠᠪᠤᠴᠠ᠎ᠳᠤ ᠭᠠᠳᠠᠭᠰᠢᠯᠠᠭᠤᠯᠬᠤ ᠨᠡᠭᠦᠷᠡᠰᠦᠲᠥ᠋ᠷᠥᠭᠴᠢ᠎ᠶᠢ ᠰᠠᠭᠠᠷᠮᠠᠭᠵᠢᠭᠤᠯᠬᠤ ᠨᠡᠶ᠋ᠢᠲᠡ᠎ᠶᠢᠨ ᠠᠰᠠᠷᠠᠮᠵᠢ᠎ᠶᠢᠨ ᠠᠵᠢᠯᠯᠠᠭ᠎ᠠ ᠪᠣᠯᠣᠨ᠎ᠠ᠃ ᠬᠤᠶᠠᠷ ᠲᠠᠯ᠎ᠠ ᠵᠢᠨ ᠵᠤᠬᠢᠶᠠᠨ ᠲᠦᠯᠦᠪᠯᠡᠭᠰᠡᠨ《ᠡᠮ ᠡᠮᠨᠡᠯᠭᠡ᠎ᠶᠢᠨ ᠨᠡᠭᠦᠷᠡᠰᠦᠲᠥ᠋ᠷᠥᠭᠴᠢ ᠵᠢ ᠰᠠᠭᠠᠷᠮᠠᠭᠵᠢᠭᠤᠯᠬᠤ ᠠᠵᠢᠯᠯᠠᠭᠠᠨ᠎ᠤ ᠡᠪᠡᠰᠦᠨ ᠪᠢᠯᠧᠲ》 ᠨᠢ ᠡᠮ ᠡᠮᠨᠡᠯᠭᠡ ᠡᠷᠡᠭᠦᠯ ᠮᠡᠨᠳᠦ᠎ᠶᠢᠨ ᠬᠦᠷᠢᠶᠡᠨ᠎ᠳᠡᠬᠢ ᠨᠤᠲᠤᠭ ᠪᠡᠯᠴᠢᠭᠡᠷ᠎ᠦᠨ ᠨᠡᠭᠦᠷᠡᠰᠦᠲᠥ᠋ᠷᠥᠭᠴᠢ᠎ᠶᠢᠨ ᠬᠤᠷᠠᠮᠳᠤᠯ᠎ᠤᠨ ᠦᠷᠭᠦᠯᠵᠢᠯᠡᠨ ᠠᠷᠠᠯᠵᠢᠶᠠᠯᠠᠬᠤ ᠪᠠᠢᠳᠠᠯ᠎ᠤᠨ ᠰᠢᠨ᠎ᠡ᠎ᠶᠢ ᠡᠭᠦᠳᠦᠭᠰᠡᠨ ᠪᠥᠭᠡᠳ ᠲᠡᠭᠦᠨ᠎ᠢ ᠨᠤᠲᠤᠭ ᠪᠡᠯᠴᠢᠭᠡᠷ᠎ᠦᠨ ᠠᠮᠢ ᠠᠬᠤᠢ᠎ᠶᠢ ᠦᠨᠡᠨ ᠬᠦ᠌ ᠵᠠᠰᠠᠨ ᠰᠡᠷᠭᠦᠭᠡᠬᠦ ᠪᠣᠯᠭᠠᠨ ᠬᠤᠪᠢᠷᠠᠭᠤᠯᠵᠤ᠂ ᠤᠮᠠᠷᠠᠲᠤ ᠬᠢᠯᠢ᠎ᠶᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠪᠡᠬᠢ ᠪᠠᠢᠭᠤᠯᠵᠤ᠂ 《ᠬᠣᠣᠰ ᠨᠡᠭᠦᠷᠡᠰᠦᠲᠥ᠋ᠷᠥᠭᠴᠢ》᠎ᠶᠢᠨ ᠬᠠᠷᠠᠯᠲᠠ᠎ᠶᠢ ᠪᠡᠶᠡᠯᠡᠭᠦᠯᠬᠦ᠎ᠳᠦ ᠰᠢᠨ᠎ᠡ ᠬᠤᠪᠢ ᠨᠡᠮᠡᠷᠢ ᠦᠵᠡᠭᠦᠯᠪᠡ᠃

ᠠᠵᠢᠯᠯᠠᠭᠠᠨ᠎ᠤ ᠲᠤᠰ ᠡᠳᠦᠷ ᠪᠣᠯᠲᠠᠯ᠎ᠠ᠂ ᠱᠠᠩᠬᠠᠢ ᠬᠤᠳᠠ᠎ᠶᠢᠨ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠨᠡᠢᠭᠡᠮᠯᠢᠭ᠂ ᠱᠠᠩᠬᠠᠢ ᠬᠤᠳᠠ᠎ᠶᠢᠨ ᠲᠦᠩ ᠵᠢᠢ ᠡᠮᠨᠡᠯᠭᠡ᠎ᠶᠢᠨ ᠬᠣᠷᠢᠶᠠᠨ᠎ᠤ ᠬᠤᠭᠤᠷᠠᠭᠰᠠᠨ ᠬᠤᠷᠤᠭᠤ ᠵᠢ ᠵᠠᠯᠭᠠᠬᠤ ᠲᠥᠪ ᠵᠡᠷᠭᠡ 20 ᠨᠢᠭᠡᠴᠢ ᠪᠤᠶᠤ ᠬᠤᠪᠢ ᠬᠥᠮᠥᠨ《ᠡᠮ ᠡᠮᠨᠡᠯᠭᠡ ᠵᠢᠨ ᠨᠡᠭᠦᠷᠡᠰᠦᠲᠥ᠋ᠷᠥᠭᠴᠢ᠎ᠶᠢ ᠰᠠᠭᠠᠷᠮᠠᠭᠵᠢᠭᠤᠯᠬᠤ ᠠᠵᠢᠯᠯᠠᠭᠠᠨ᠎ᠤ ᠡᠪᠡᠰᠦᠨ ᠪᠢᠯᠧᠲ》ᠳᠤ᠌ ᠰᠠᠭᠤᠷᠢᠯᠠᠭᠰᠠᠨ ᠰᠢᠨ᠎ᠡ ᠬᠡᠯᠪᠡᠷᠢ᠎ᠶᠢᠨ ᠨᠤᠲᠤᠭ ᠪᠡᠯᠴᠢᠭᠡᠷ᠎ᠦᠨ ᠨᠡᠭᠦᠷᠡᠰᠦᠲᠥ᠋ᠷᠥᠭᠴᠢ᠎ᠶᠢᠨ ᠬᠤᠷᠠᠮᠳᠤᠯ᠎ᠤᠨ ᠠᠷᠠᠯᠵᠢᠶ᠎ᠠ᠎ᠪᠠᠷ ᠳᠠᠮᠵᠢᠨ᠂ 112 ᠮᠦ᠍ ᠨᠤᠲᠤᠭ ᠪᠡᠯᠴᠢᠭᠡᠷ᠎ᠦᠨ ᠠᠮᠢ ᠠᠬᠤᠢ᠎ᠶᠢ ᠰᠡᠷᠭᠦᠭᠡᠨ ᠵᠠᠰᠠᠭᠰᠠᠨ ᠪᠠᠢᠨ᠎ᠠ᠃ ᠰᠢᠨ᠎ᠡ ᠽᠧᠯᠡᠨᠳ᠋᠎ᠦᠨ ᠽᠧᠷᠰᠢ ᠮᠠᠯᠵᠢᠯ᠎ᠤᠨ ᠦᠢᠯᠡᠰ᠂ ᠺᠦᠪᠠ ᠬᠢᠭᠡᠳ ᠪᠷᠠᠽᠢᠯ᠎ᠤᠨ ᠰᠠᠢᠨ ᠳᠤᠷᠠᠴᠤᠳ ᠨᠢ《ᠡᠮ ᠡᠮᠨᠡᠯᠭᠡ᠎ᠶᠢᠨ ᠰᠠᠢᠨ ᠳᠤᠷ᠎ᠠ᠎ᠵᠢᠨ ᠨᠡᠭᠦᠷᠡᠰᠦᠲᠥ᠋ᠷᠥᠭᠴᠢ ᠰᠠᠭᠠᠷᠮᠠᠭᠵᠢᠭᠤᠯᠬᠤ ᠡᠪᠡᠰᠦᠨ ᠪᠢᠯᠧᠲ》᠎ᠦᠨ ᠠᠩᠬᠠᠳᠠᠭ᠍ᠴᠢ ᠣᠯᠠᠨ ᠤᠯᠤᠰ᠎ᠤᠨ ᠠᠷᠠᠯᠵᠢᠶ᠎ᠠ᠎ᠶᠢ ᠪᠡᠶᠡᠯᠡᠭᠦᠯᠵᠡᠢ᠃ ᠠᠵᠢᠯᠯᠠᠭ᠎ᠠ᠎ᠶᠢᠨ ᠠᠬᠤᠢ ᠲᠠᠯᠠᠪᠠᠶ᠎ᠳᠤ᠂ 《〈ᠡᠪᠡᠰᠦᠨ ᠪᠢᠯᠧᠲ〉ᠡᠮ ᠡᠮᠨᠡᠯᠭᠡ᠎ᠶᠢᠨ ᠰᠠᠢᠨ ᠳᠤᠷ᠎ᠠ᠎ᠵᠢᠨ ᠨᠡᠭᠦᠷᠡᠰᠦᠲᠥ᠋ᠷᠥᠭᠴᠢ᠎ᠶᠢ ᠰᠠᠭᠠᠷᠮᠠᠭᠵᠢᠭᠤᠯᠬᠤ ᠰᠠᠨᠠᠭᠠᠴᠢᠯᠠᠭ᠎ᠠ᠎ᠶᠢᠨ ᠪᠢᠴᠢᠭ》᠎ᠢ ᠨᠡᠢᠲᠡᠯᠡᠵᠦ᠂ ᠣᠯᠠᠨ ᠲᠦᠮᠡᠨ᠎ᠢ ᠲᠠᠯ᠎ᠠ ᠨᠤᠲᠤᠭ᠎ᠤᠨ ᠠᠮᠢ ᠠᠬᠤᠢ᠎ᠶᠢ ᠬᠠᠮᠠᠭᠠᠯᠠᠬᠤ᠎ᠪᠠᠷ ᠳᠠᠮᠵᠢᠭᠤᠯᠤᠨ᠂ ᠤᠮᠠᠷᠠᠲᠤ᠎ᠶᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ᠎ᠳᠤ ᠬᠠᠮᠲᠤ᠎ᠪᠠᠷ ᠣᠷᠣᠯᠴᠠᠬᠤ ᠵᠢ ᠤᠷᠢᠶᠠᠯᠠᠵᠠᠢ᠃

ᠢᠷᠡᠯᠲᠡ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠡᠳᠦᠷ᠎ᠤᠨ ᠰᠤᠨᠢᠨ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄
兼容浏览器的HTML页面