ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-05-26 11:47:38

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄

5 ᠰᠠᠷ᠎ᠠ᠎ᠶᠢᠨ 24 ᠎ᠦ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢᠯᠡᠳᠪᠦᠷᠢᠯᠡᠯ᠎ᠦᠨ ᠵᠥᠪᠯᠡᠯ᠎ᠦᠨ ᠠᠯᠪᠠᠨ ᠭᠡᠷ᠎ᠡᠴᠡ ᠣᠢᠯᠠᠭᠠᠭᠰᠠᠨ᠎ᠢᠶᠠᠷ᠂ ᠱᠠᠨ ᠰᠢ᠎ᠶᠢᠨ ᠴᠠᠩ ᡁᠢ ᠬᠤᠲᠠ᠎ᠶᠢᠨ ᠨᠡᠭᠦᠷᠡᠰᠦᠨ ᠠᠭᠤᠷᠬᠠᠢ᠎ᠶᠢᠨ ᠭᠠᠰ ᠳᠡᠯᠪᠡᠷᠡᠭᠰᠡᠨ ᠡᠨᠳᠡᠯ ᠭᠠᠷᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢᠯᠡᠳᠪᠦᠷᠢᠯᠡᠯ᠎ᠦᠨ ᠵᠥᠪᠯᠡᠯ᠎ᠦᠨ ᠠᠯᠪᠠᠨ ᠭᠡᠷ ᠪᠣᠯᠣᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠢ᠎ᠶᠢᠨ ᠠᠶᠤᠯᠭᠦᠢ᠎ᠶᠢᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠵᠢᠯ᠎ᠦᠨ ᠡᠬᠢᠨ᠎ᠳᠦ ᠪᠠᠢᠷᠢᠯᠠᠭᠤᠯᠤᠨ ᠥᠷᠨᠢᠭᠦᠯᠦᠭᠰᠡᠨ ᠨᠡᠭᠦᠷᠡᠰᠦᠨ ᠠᠭᠤᠷᠬᠠᠢ᠎ᠶᠢᠨ ᠭᠠᠰ ᠎ᠢ ᠰᠡᠷᠭᠡᠢᠯᠡᠨ ᠵᠠᠰᠠᠬᠤ ᠲᠤᠰᠬᠠᠢ ᠴᠡᠭᠴᠡᠯᠡᠨ ᠵᠠᠰᠠᠬᠤ ᠠᠵᠢᠯ ᠎ᠲᠠᠢ ᠤᠶᠠᠯᠳᠤᠭᠤᠯᠤᠨ᠂ ᠪᠥᠬᠥ ᠣᠷᠣᠨ ᠎ᠤ ᠨᠡᠭᠦᠷᠡᠰᠦᠨ ᠠᠭᠤᠷᠬᠠᠢ᠎ᠶᠢᠨ ᠭᠠᠰ᠎ᠢ ᠰᠡᠷᠭᠡᠢᠯᠡᠨ ᠵᠠᠰᠠᠬᠤ ᠠᠵᠢᠯ᠎ᠳᠤ ᠳᠠᠷᠤᠢ ᠲᠦᠷᠭᠡᠨ ᠪᠠᠢᠷᠢᠯᠠᠭᠤᠯᠤᠯᠲᠠ ᠬᠢᠵᠦ᠂ ᠠᠵᠢᠯᠯᠠᠬᠤ ᠳᠤᠭᠤᠢᠯᠠᠩ ᠲᠣᠮᠢᠯᠠᠨ ᠪᠥᠬᠥ ᠣᠷᠣᠨ᠎ᠤ ᠬᠡᠪ᠎ᠦᠨ ᠦᠢᠯᠡᠳᠪᠦᠷᠢᠯᠡᠯ ᠪᠦᠬᠦᠢ ᠭᠠᠰ᠎ᠤᠨ ᠠᠭᠤᠷᠬᠠᠢ᠎ᠶᠢᠨ ᠬᠤᠳᠳᠤᠭ᠎ᠲᠤ ᠨᠡᠢᠳᠡᠮ ᠪᠠᠢᠴᠠᠭᠠᠯᠲᠠ ᠥᠷᠨᠢᠭᠦᠯᠵᠦ᠂ ᠨᠡᠭᠦᠷᠡᠰᠦᠨ ᠠᠭᠤᠷᠬᠠᠢ᠎ᠶᠢᠨ ᠰᠠᠯᠬᠢ ᠨᠡᠪᠲᠡᠷᠡᠭᠦᠯᠬᠦ᠎ᠶᠢ ᠪᠠᠲᠤᠯᠠᠬᠤ ᠰᠢᠰᠲᠧᠮ᠎ᠦᠨ ᠲᠣᠭᠲᠠᠭᠤᠨ ᠪᠥᠭᠡᠳ ᠨᠠᠢᠳᠠᠪᠤᠷᠢᠲᠠᠢ ᠠᠵᠢᠯᠯᠠᠬᠤ᠎ᠶᠢ ᠰᠢᠮᠳᠠᠭᠤᠯᠵᠤ᠂ ᠨᠡᠭᠦᠷᠡᠰᠦ ᠮᠠᠯᠲᠠᠬᠤ ᠬᠠᠮᠢᠶᠠᠷᠤᠯᠲᠠ᠎ᠶᠢ ᠵᠢᠷᠤᠮᠵᠢᠭᠤᠯᠤᠨ᠂ ᠲᠤᠬᠠᠢ᠎ᠶᠢᠨ ᠲᠠᠯᠠᠪᠠᠶ᠎ᠶᠢᠨ ᠭᠠᠰ᠎ᠤᠨ ᠠᠶᠤᠯ ᠲᠦᠭᠰᠢᠭᠦᠷᠢ᠎ᠶᠢ ᠬᠠᠮᠢᠶᠠᠷᠤᠨ ᠡᠵᠡᠮᠳᠡᠬᠦ᠎ᠶᠢ ᠴᠢᠩᠭᠠᠳᠬᠠᠵᠤ᠂ ᠭᠠᠰ᠎ᠢ ᠰᠡᠷᠭᠡᠢᠯᠡᠨ ᠵᠠᠰᠠᠬᠤ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠭᠰᠠᠨ ᠦᠭᠡᠢ᠂ ᠰᠣᠩᠭᠣᠨ ᠮᠠᠯᠲᠠᠭᠠᠳ ᠪᠠᠷᠢᠮᠵᠢᠶ᠎ᠠ᠎ᠳᠤ ᠭᠦᠷᠦᠭᠰᠡᠨ ᠦᠭᠡᠢ ᠵᠡᠷᠬᠡ ᠠᠰᠠᠭᠤᠳᠠᠯ᠎ᠢ ᠴᠢᠩᠭ᠎ᠠ ᠪᠠᠢᠴᠠᠭᠠᠨ ᠰᠢᠢᠳᠪᠦᠷᠢᠯᠡᠵᠦ᠂ ᠭᠠᠰ᠎ᠤᠨ ᠬᠡᠮᠵᠢᠶ᠎ᠡ ᠬᠡᠲᠦᠷᠡᠭᠰᠡᠨ ᠤᠷᠴᠢᠨ᠎ᠳᠦ ᠦᠷᠭᠦᠯᠵᠢᠯᠡᠨ ᠠᠵᠢᠯᠯᠠᠬᠤ᠂ ᠭᠠᠰ᠎ᠢ ᠬᠢᠨᠠᠨ ᠡᠵᠡᠮᠳᠡᠬᠦ ᠰᠢᠰᠲᠧᠮ᠎ᠢ ᠬᠠᠭᠤᠷᠮᠠᠭᠯᠠᠨ ᠵᠣᠬᠢᠶᠠᠬᠤ ᠵᠡᠷᠭᠡ ᠬᠠᠤᠯᠢ ᠲᠣᠭᠲᠠᠭᠠᠯ᠎ᠠᠴᠠ ᠵᠥᠷᠢᠴᠡᠭᠰᠡᠨ ᠡᠯ᠎ᠡ ᠵᠦᠢᠯ᠎ᠦᠨ ᠦᠢᠯᠡ ᠠᠵᠢᠯᠯᠠᠭ᠎ᠠ ᠵᠢ ᠴᠢᠨᠭᠭ᠎ᠠ ᠪᠠᠢᠴᠠᠭᠠᠵᠦ ᠪᠠᠢᠨ᠎ᠠ᠃

ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠪᠠᠢᠴᠠᠭᠠᠵᠦ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ᠂ ᠠᠵᠢᠯᠯᠠᠬᠤ ᠳᠤᠭᠤᠢᠯᠠᠩ ᠡᠷᠬᠡᠪᠰᠢ ᠠᠵᠤ ᠠᠬᠤᠢᠯᠠᠯ ᠎ᠤᠨ ᠬᠠᠷᠢᠭᠤᠴᠠᠯᠭᠠᠲᠠᠨ ᠵᠢᠴᠢ ᠠᠮᠤᠷ ᠲᠦᠪᠰᠢᠨ᠎ᠦ ᠬᠠᠮᠢᠶᠠᠷᠤᠯᠲᠠ ᠵᠢᠨ ᠠᠵᠢᠯᠲᠠᠨ᠎ᠳᠤ ᠲᠤᠬᠠᠢ᠎ᠶᠢᠨ ᠲᠠᠯᠠᠪᠠᠶ᠎ᠳᠤ ᠬᠠᠷᠢᠭᠤ ᠲᠤᠰᠬᠠᠵᠤ᠂ ᠬᠠᠷᠢᠶ᠎ᠠ ᠭᠠᠵᠠᠷ ᠎ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ᠎ᠢ ᠵᠠᠷᠯᠢᠭ᠍ᠳᠠᠵᠤ ᠪᠠᠢᠭᠠᠳ ᠳᠠᠯᠳᠠ ᠬᠡᠮ ᠎ᠢ ᠴᠡᠭᠴᠡᠯᠡᠨ ᠰᠠᠢᠵᠢᠷᠠᠭᠤᠯᠬᠤ《ᠲᠠᠪᠤ᠎ᠶᠢ ᠨᠠᠢᠳᠠᠪᠤᠷᠢᠵᠢᠭᠤᠯᠬᠤ》 ᠱᠠᠭᠠᠷᠳᠠᠯᠭ᠎ᠠ ᠶᠣᠰᠣᠭᠠᠷ ᠬᠢᠨᠠᠯᠲᠠ ᠲᠠᠯᠪᠢᠨ᠎ᠠ᠃ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢᠯᠡᠳᠪᠦᠷᠢᠯᠡᠯ ᠎ᠦᠨ ᠵᠥᠪᠯᠡᠯ ᠡᠴᠡ ᠪᠦᠬᠦ ᠣᠷᠣᠨ᠎ᠤ ᠠᠭᠤᠷᠬᠠᠢ᠎ᠶᠢᠨ ᠠᠶᠤᠯᠭᠦᠢ᠎ᠶᠢᠨ ᠬᠢᠨᠠᠨ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠦᠨ ᠬᠢᠨ᠎ᠢ ᠳᠤᠰ ᠤᠳᠠᠭᠠᠨ᠎ᠤ ᠡᠨᠳᠡᠯ᠎ᠢᠶᠡᠷ ᠲᠣᠯᠢ ᠪᠣᠯᠭᠠᠵᠤ᠂ ᠤᠰᠤᠯ ᠡᠨᠳᠡᠯ ᠎ᠢ ᠢᠮᠠᠬᠳᠠ ᠰᠡᠷᠡᠮᠵᠢᠯᠠᠵᠦ᠂ ᠴᠢᠩᠭ᠎ᠠ ᠬᠢᠨᠠᠨ ᠬᠠᠮᠢᠶᠠᠷᠬᠤ᠂ ᠴᠢᠩᠭ᠎ᠠ ᠬᠠᠤᠯᠢ ᠬᠡᠷᠡᠭᠵᠢᠭᠦᠯᠬᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠎ᠶᠢ ᠪᠠᠷᠢᠮᠲᠠᠯᠠᠵᠤ᠂ ᠬᠠᠮᠤᠭ᠎ᠤᠨ ᠡᠷᠡᠰ ᠣᠪᠣᠷ᠂ ᠬᠠᠮᠤᠭ᠎ᠤᠨ ᠴᠢᠩᠭ᠎ᠠ ᠠᠷᠭ᠎ᠠ ᠬᠡᠮᠵᠢᠶ᠎ᠡ᠂ ᠬᠠᠮᠤᠭ᠎ᠤᠨ ᠯᠠᠪᠳᠠᠭᠤᠨ ᠪᠠᠲᠤᠲᠠᠢ ᠠᠵᠢᠯ᠎ᠤᠨ ᠰᠤᠷᠲᠠᠯ᠎ᠢᠶᠠᠷ ᠤᠯᠤᠰ ᠳᠦᠷᠦ᠎ᠶᠢᠨ ᠬᠠᠷᠢᠭᠤᠴᠠᠯᠭ᠎ᠠ᠎ᠶᠢ ᠡᠷᠡᠰ ᠡᠭᠦᠷᠭᠡᠯᠡᠵᠦ᠂ ᠣᠨᠴᠠ ᠶᠡᠬᠡ ᠦᠢᠯᠡᠳᠪᠦᠷᠢᠯᠡᠯ ᠎ᠤᠨ ᠡᠨᠳᠡᠯ ᠭᠠᠷᠬᠤ᠎ᠶᠢ ᠰᠡᠷᠭᠡᠢᠯᠡᠨ ᠬᠣᠷᠢᠭ᠍ᠯᠠᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄
兼容浏览器的HTML页面