2026-05-25 18:04:09
ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠣᠢᠯᠠᠭᠠᠭᠰᠠᠨ ᠵᠢᠡᠷ᠂ 2026 ᠣᠨ᠎ᠠᠴᠠ ᠡᠬᠢᠯᠡᠨ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠳᠤ 《ᠬᠢᠯᠢ ᠵᠢ ᠬᠦᠭᠵᠢᠭᠦᠯᠦᠨ ᠬᠢᠵᠠᠭᠠᠷ᠎ᠢ ᠪᠡᠬᠢᠵᠢᠭᠦᠯᠬᠦ》 ᠲᠤᠰᠬᠠᠢ ᠲᠥᠯᠥᠪᠯᠡᠭᠡ᠎ᠶᠢ ᠬᠡᠷᠡᠭᠵᠢᠭᠦᠯᠬᠦ᠎ᠪᠡᠷ ᠪᠣᠶ᠃
《ᠬᠢᠯᠢ ᠵᠢ ᠬᠦᠭᠵᠢᠭᠦᠯᠦᠨ ᠬᠢᠵᠠᠭᠠᠷ᠎ᠢ ᠪᠡᠬᠢᠵᠢᠭᠦᠯᠬᠦ》ᠲᠤᠰᠬᠠᠢ ᠲᠥᠯᠥᠪᠯᠡᠭᠡ᠎ᠶᠢ ᠬᠡᠷᠡᠭᠵᠢᠭᠦᠯᠬᠦ ᠬᠡᠪᠴᠢᠶ᠎ᠡ ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭᠠᠷ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠳᠦᠷᠢᠮ》᠎ᠳᠤ ᠲᠣᠳᠣᠷᠬᠠᠢᠯᠠᠭᠰᠠᠨ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭᠠᠷ᠎ᠤᠨ 20 ᠬᠣᠰᠢᠭᠤ (ᠬᠣᠲᠠ᠂ ᠲᠣᠭᠣᠷᠢᠭ᠋ ) ᠪᠣᠯᠣᠨ᠎ᠠ᠂ ᠲᠤᠬᠠᠢᠯᠠᠪᠠᠯ ᠠᠯᠠᠱᠠ ᠠᠢᠮᠠᠭ᠎ᠤᠨ ᠠᠯᠠᠱᠠ ᠵᠡᠭᠦᠨ ᠬᠣᠰᠢᠭᠤ᠂ ᠠᠯᠠᠱᠠ ᠪᠠᠷᠠᠭᠤᠨ ᠬᠣᠰᠢᠭᠤ᠂ ᠡᠵᠡᠨ᠎ᠡ ᠬᠣᠰᠢᠭᠤ᠂ ᠪᠠᠶᠠᠨᠨᠠᠭᠤᠷ ᠬᠣᠲᠠ᠎ᠶᠢᠨ ᠤᠷᠠᠳ᠎ᠤᠨ ᠬᠣᠢᠲᠤ ᠬᠣᠰᠢᠭᠤ᠂ ᠤᠷᠠᠳ᠎ᠤᠨ ᠳᠤᠮᠳᠠᠳᠤ ᠬᠣᠰᠢᠭᠤ᠂ ᠪᠤᠭᠤᠲᠤ ᠬᠣᠲᠠ᠎ᠶᠢᠨ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤ᠂ ᠤᠯᠠᠭᠠᠨᠴᠠᠪ ᠬᠣᠲᠠ᠎ᠶᠢᠨ ᠳᠥᠷᠪᠡᠳ ᠬᠣᠰᠢᠭᠤ᠂ ᠰᠢᠯᠢ᠎ᠶᠢᠨ ᠭᠣᠣᠯ ᠠᠢᠮᠠᠭ᠎ᠤᠨ ᠠᠪᠠᠭ᠎ᠠ ᠬᠣᠰᠢᠭᠤ᠂ ᠰᠥᠨᠢᠳ ᠵᠡᠭᠦᠨ ᠬᠣᠰᠢᠭᠤ᠂ ᠰᠥᠨᠢᠳ ᠪᠠᠷᠠᠭᠤᠨ ᠬᠣᠰᠢᠭᠤ᠂ ᠵᠡᠭᠦᠨ ᠦᠵᠦᠮᠦᠴᠢᠨ ᠬᠣᠰᠢᠭᠤ᠂ ᠡᠷᠢᠶᠡᠨ ᠬᠣᠲᠠ᠂ ᠬᠢᠩᠭᠠᠨ ᠠᠢᠮᠠᠭ᠎ᠤᠨ ᠷᠠᠰᠢᠶᠠᠨ ᠬᠣᠲᠠ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠂ ᠬᠥᠯᠥᠨ ᠪᠣᠶ᠋ᠢᠷ ᠬᠣᠲᠠ ᠵᠢᠨ ᠡᠷᠭᠦᠨ᠎ᠡ ᠬᠣᠲᠠ᠂ ᠬᠠᠭᠤᠴᠢᠨ ᠪᠠᠷᠭᠤ ᠬᠣᠰᠢᠭᠤ᠂ ᠰᠢᠨ᠎ᠡ ᠪᠠᠷᠭᠤ ᠵᠡᠭᠦᠨ ᠬᠣᠰᠢᠭᠤ᠂ ᠰᠢᠨ᠎ᠡ ᠪᠠᠷᠭᠤ ᠪᠠᠷᠠᠭᠤᠨ ᠬᠣᠰᠢᠭᠤ᠂ ᠮᠠᠨᠵᠤᠤᠷ ᠬᠣᠲᠠ᠂ ᠵᠠᠯᠠᠢᠨᠠᠭᠤᠷ ᠲᠣᠭᠣᠷᠢᠭ᠋᠃ ᠡᠯᠰᠡᠬᠦ ᠡᠲᠡᠭᠡᠳ ᠨᠢ ᠬᠢᠯᠢ ᠬᠢᠵᠠᠭᠠᠷ᠎ᠤᠨ 20 ᠬᠣᠰᠢᠭᠤ (ᠬᠣᠲᠠ᠂ ᠲᠣᠭᠣᠷᠢᠭ᠋) ᠶᠢᠨ ᠡᠷᠦᠬᠡ ᠠᠮᠠ᠎ᠶᠢᠨ ᠬᠠᠷᠢᠶ᠎ᠠ᠂ ᠰᠤᠷᠭᠠᠭᠤᠯᠢ᠎ᠶᠢᠨ ᠬᠠᠷᠢᠶ᠎ᠠ᠂ ᠪᠣᠳᠠᠲᠠᠢ ᠰᠤᠷᠤᠯᠴᠠᠭᠰᠠᠨ ᠭᠠᠵᠠᠷ ᠵᠡᠷᠭᠡ 《ᠭᠤᠷᠪᠠᠨᠢᠭᠡᠲᠦᠯᠲᠡᠢ》 ᠱᠠᠭᠠᠷᠳᠠᠯᠭ᠎ᠠ᠎ᠳᠤ ᠨᠡᠢᠴᠡᠬᠦ ᠰᠢᠯᠭᠠᠭᠤᠯᠤᠭ᠍ᠴᠢ ᠪᠣᠯᠣᠨ᠎ᠠ᠃
ᠲᠤᠰᠬᠠᠢ ᠲᠥᠯᠥᠪᠯᠡᠭᠡ᠎ᠶᠢᠨ ᠨᠠᠷᠢᠯᠢᠭ᠋ ᠣᠨᠣᠴᠠᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠎ᠪᠡᠷ ᠳᠠᠮᠵᠢᠭᠤᠯᠤᠨ᠂ ᠬᠢᠯᠢ ᠬᠢᠵᠠᠭᠠᠷ ᠣᠷᠣᠨ᠎ᠤ ᠰᠤᠷᠤᠭ᠍ᠴᠢᠳ᠎ᠤᠨ ᠰᠤᠷᠭᠠᠭᠤᠯᠢ ᠳᠡᠪᠰᠢᠬᠦ ᠠᠵᠠ ᠲᠣᠬᠢᠶᠠᠯ᠎ᠢ ᠪᠠᠲᠤᠯᠠᠵᠤ᠂ ᠬᠢᠯᠢ ᠬᠢᠵᠠᠭᠠᠷ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠵᠤ᠂ ᠰᠢᠨ᠎ᠡ ᠴᠠᠭ ᠦᠶ᠎ᠡ᠎ᠳᠦ ᠬᠢᠯᠢ ᠬᠢᠵᠠᠭᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠬᠦ᠎ᠶᠢ ᠠᠬᠢᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃